| ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ 1985 | ᠣᠨ ᠳᠤ ᠪᠠᠶᠢᠭᠤᠯᠤᠭᠳᠠᠭᠰᠠᠨ ᠠᠴᠠ ᠨᠠᠰᠢᠬᠢ 39 ᠵᠢᠯ ᠤᠨ ᠲᠤᠷᠰᠢ᠂ ᠤᠷᠢᠳ ᠬᠤᠵᠢᠳ ︽ᠪᠥᠬᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠵᠶ᠊ ᠠᠨ ᠬᠠᠶᠢᠷᠠᠯᠠᠭᠰᠠᠨ ᠵᠢᠱᠢᠶᠡᠴᠢ ᠬᠠᠮᠲᠤ ᠨᠢᠭᠡᠴᠡ︾ ︽ᠪᠥᠬᠦ | ᠤᠯᠤᠰ ᠤᠨ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠰᠢᠯᠢᠳᠡᠭ ᠨᠢᠭᠡᠴᠡ︾ ︽ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ︾ ︽ᠪᠥᠬᠦ ᠣᠷᠣᠨ ᠤ ᠵᠠᠯᠠᠭᠤᠴᠤᠳ ᠤᠨ | ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠲᠡᠮᠳᠡᠭᠲᠦ ᠬᠠᠮᠲᠤ ᠨᠢᠭᠡᠴᠡ︾ ᠵᠡᠷᠭᠡ ᠢᠷᠠᠭᠤ ᠠᠯᠳᠠᠷ ᠢ ᠭᠥᠷᠳᠡᠵᠦ᠂ ᠬᠠᠮᠲᠤ | ᠨᠢᠭᠡᠴᠡ ᠪᠠᠷ ᠢᠶᠠᠨ 1 ᠤᠳᠠᠭ᠎ᠠ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠢᠶᠠᠷ ᠪᠠᠷᠠᠬᠤ ᠦᠭᠡᠢ ᠲᠤᠰ ᠶᠡᠭᠡ | ᠠᠩᠭᠢ ᠶᠢᠨ 2 ᠵᠢᠯᠣᠭᠤᠳᠤᠭᠴᠢ ᠪᠠᠶᠢᠯᠳᠤᠭᠴᠢ ᠬᠤᠪᠢ ᠬᠥᠮᠥᠨ ᠤ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 38 | ᠵᠢᠯᠣᠭᠤᠳᠤᠭᠴᠢ ᠪᠠᠶᠢᠯᠳᠤᠭᠴᠢ ᠬᠤᠪᠢ ᠬᠥᠮᠥᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠠᠶᠢᠨ᠎ᠠ᠃ 2014 | ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ | ᠵᠢᠯᠣᠭᠤᠳᠤᠭᠴᠢ ᠪᠠᠶᠢᠭᠰᠠᠨ ᠸᠠᠩ ᠶᠦᠩ ᠱᠧᠩ ᠨᠥᠬᠦᠷ ᠪᠦᠬᠦ ᠤᠯᠤᠰ ᠤᠨ ᠠᠷᠠᠳ ᠢᠶᠠᠨ ᠬᠠᠶᠢᠷᠠᠯᠠᠭᠰᠠᠨ ᠵᠢᠱᠢᠶᠡᠴᠢ | ᠬᠠᠮᠲᠤ ᠶᠢᠨ ᠲᠥᠯᠥᠭᠡᠯᠡᠭᠴᠢ ᠶᠢᠨ ᠬᠤᠪᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠠᠭᠤᠯᠵᠠᠯᠲᠠ ᠶᠢ | ᠬᠦᠯᠢᠶᠡᠵᠡᠢ᠃ | ᠳᠥᠴᠢ ᠰᠢᠬᠠᠮ ᠵᠢᠯ ᠤᠨ ᠲᠤᠷᠰᠢ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠠᠮᠤᠷ ᠳᠦᠪᠰᠢᠨ ᠢ ᠬᠠᠮᠠᠭᠠᠯᠠᠭᠰᠠᠭᠠᠷ | ᠢᠷᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ | ᠳᠠᠷᠤᠭ᠎ᠠ ᠪᠠᠶᠢᠯᠳᠤᠭᠴᠢᠳ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠲᠠᠯ᠎ᠠ ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠨᠢᠭᠡᠳᠦᠭᠡᠷ ᠹᠷᠣᠨᠲ ᠢᠶᠠᠷ ᠬᠥᠯᠥᠭ ᠤᠨ | ᠰᠢᠨᠳᠠᠰᠤ᠂ ᠮᠠᠰᠢᠨ ᠤ ᠡᠷᠴᠢ ᠶᠢ ᠰᠢᠯᠭᠠᠨ ᠤᠷᠤᠭᠰᠢᠯᠠᠵᠤ᠂ ᠲᠠᠯ᠎ᠠ ᠨᠤᠲᠤᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠦᠢᠯᠡᠰ ᠢ ᠨᠡᠭᠡᠭᠡᠨ ᠬᠥᠭᠵᠢᠭᠦᠯᠵᠦ᠂ ᠤᠷᠢᠳ ᠬᠤᠵᠢᠳ ︽2.8︾ ᠤ ᠪᠠᠶᠠᠨᠬᠤᠸᠠ ᠠᠴᠠ ᠬᠤᠤᠯᠢᠩᠭᠤᠣᠯ ᠬᠦᠷᠬᠦ | ᠨᠢᠭᠡᠳᠦᠭᠡᠷ ᠳᠡᠰ ᠤᠨ ᠵᠠᠰᠠᠮᠠᠯ ᠵᠠᠮ ᠤᠨ ᠴᠠᠰᠤ ᠰᠢᠭᠤᠷᠭ᠎ᠠ ᠠᠴᠠ ᠠᠪᠤᠷᠠᠨ ᠲᠤᠰᠠᠯᠠᠬᠤ᠂ ︽2.24︾ ᠤ ᠶᠢᠨ ᠱᠠᠨ | ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠳᠠᠮᠵᠢᠭᠤᠯᠬᠤ ᠬᠥᠭᠦᠷᠭᠡ ᠶᠢᠨ ᠭᠠᠯ ᠤᠨ ᠭᠠᠮᠰᠢᠭ ᠠᠴᠠ ᠠᠪᠤᠷᠠᠨ | ᠲᠤᠰᠠᠯᠠᠬᠤ ᠵᠡᠷᠭᠡ 1800 ᠭᠠᠷᠤᠢ ᠤᠳᠠᠭᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠭᠦᠷᠭᠡ ᠶᠢ ᠠᠮᠵᠢᠯᠲᠠ ᠲᠠᠢ | ᠪᠡᠶᠡᠯᠡᠭᠦᠯᠵᠦ᠂ ᠡᠯ᠎ᠡ ᠲᠥᠷᠥᠯ ᠤᠨ ᠡᠭᠦᠷᠭᠡ ᠭᠦᠢᠴᠡᠳᠬᠡᠵᠦ ᠬᠠᠮᠠᠭᠠᠯᠠᠬᠤ ᠠᠵᠢᠯ ᠢ 800 ᠭᠠᠷᠤᠢ ᠤᠳᠠᠭ᠎ᠠ ᠪᠡᠶᠡᠯᠡᠭᠦᠯᠵᠦ᠂ | ᠠᠶᠤᠯ ᠳᠤ ᠤᠴᠠᠷᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ 3000 ᠭᠠᠷᠤᠢ ᠣᠯᠠᠨ ᠲᠦᠮᠡᠨ ᠢ | ᠠᠮᠵᠢᠯᠲᠠ ᠲᠠᠢ ᠪᠠᠷ ᠠᠪᠤᠷᠠᠨ ᠲᠤᠰᠠᠯᠠᠵᠠᠢ᠃ ᠲᠠᠯ᠎ᠠ ᠨᠤᠲᠤᠭ ᠤᠨ ᠪᠣᠳᠠᠲᠤ ᠪᠠᠶᠢᠳᠠᠯ ᠠᠴᠠ ᠡᠭᠦᠰᠴᠦ᠂ ᠡᠯ᠎ᠡ | ᠦᠨᠳᠦᠰᠦᠲᠡᠨ ᠤ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ︽ᠮᠣᠷᠢᠲᠠᠨ ᠴᠠᠭᠳᠠᠭᠴᠢ︾ ᠪᠠ ᠭᠠᠯ ᠤᠨᠲᠠᠷᠠᠭᠠᠬᠤ | ᠰᠠᠶᠢᠨ ᠳᠤᠷ᠎ᠠ ᠶᠢᠨ ᠠᠵᠢᠯᠯᠠᠭᠴᠢ ᠪᠠᠷ ᠠᠵᠢᠯᠯᠠᠭᠤᠯᠤᠨ᠂ ᠮᠠᠯᠵᠢᠬᠤ ᠣᠷᠣᠨ ᠳᠤ ᠭᠦᠨᠵᠡᠭᠡᠶᠢᠷᠡᠨ ᠭᠠᠯ ᠤᠨᠲᠠᠷᠠᠭᠠᠬᠤ | ᠤᠬᠠᠭᠤᠯᠭ᠎ᠠ ᠶᠢᠨ ᠠᠵᠢᠯᠯᠠᠭ᠎ᠠ ᠶᠢ 13000 ᠭᠠᠷᠤᠢ ᠤᠳᠠᠭ᠎ᠠ ᠥᠷᠨᠢᠭᠦᠯᠵᠦ᠂ ᠥᠪᠡᠷᠲᠡᠭᠡᠨ ᠰᠡᠷᠭᠡᠶᠢᠯᠡᠵᠦ ᠥᠪᠡᠷᠲᠡᠭᠡᠨ | ᠠᠪᠤᠷᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠪᠠᠷ ᠡᠵᠡᠮᠳᠡᠬᠦ ᠶᠢ ᠬᠠᠷᠢᠯᠴᠠᠨ ᠤᠶᠠᠯᠳᠤᠭᠤᠯᠤᠭᠰᠠᠨ ᠲᠠᠯ᠎ᠠ ᠨᠤᠲᠤᠭ ᠤᠨ | ᠮᠠᠯᠵᠢᠬᠤ ᠣᠷᠣᠨ ᠤ ᠭᠠᠯ ᠤᠨᠲᠠᠷᠠᠭᠠᠬᠤ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠤᠢ ᠪᠣᠯᠭᠠᠪᠠ᠃ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠶᠢᠨ ᠵᠢᠳᠬᠦᠯ ᠴᠢᠷᠮᠠᠶᠢᠯᠭ᠎ᠠ ᠪᠠᠷ᠂ 2017 ︱ 2021 ᠣᠨ ᠳᠤ᠂ ᠪᠠᠷᠠᠭᠤᠨ | ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠳᠡᠯ ᠭᠠᠷᠬᠤ ᠨᠣᠷᠮ᠎ᠠ 50% ᠠᠴᠠ ᠳᠡᠭᠡᠭᠰᠢ | ᠪᠠᠭᠤᠷᠠᠵᠤ᠂ 16 ᠵᠢᠯ ᠳᠠᠷᠠᠭᠠᠯᠠᠨ ᠨᠡᠯᠢᠶᠡᠳ ᠬᠥᠨᠳᠥ ᠭᠠᠯ ᠲᠦᠢᠮᠡᠷ ᠤᠨ ᠠᠳᠡᠯ ᠭᠠᠷᠤᠭᠰᠠᠨ ᠦᠭᠡᠢ᠃ ᠶᠡᠭᠡ ᠠᠩᠭᠢ ᠨᠢ | ᠪᠠᠰᠠ 2007 ᠣᠨ ᠠᠴᠠ 15 ᠵᠢᠯ ᠳᠠᠷᠠᠭᠠᠯᠠᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠ ᠬᠠᠨᠳᠢᠪ | ᠴᠤᠭᠯᠠᠭᠤᠯᠬᠤ ᠬᠡᠯᠪᠡᠷᠢ ᠪᠠᠷ ᠬᠦᠴᠢᠷᠳᠡᠯᠲᠡᠢ ᠰᠤᠷᠤᠭᠴᠢᠳ ᠢ ᠳᠡᠳᠬᠦᠨ᠂ ᠨᠡᠶᠢᠲᠡ ᠳᠥᠴᠢᠨ ᠲᠦᠮᠡᠨ ᠲᠥᠭᠦᠷᠢᠭ ᠰᠢᠬᠠᠮ | ᠵᠣᠭᠤᠰ ᠮᠥᠩᠭᠦ ᠪᠣᠯᠣᠨ 1500 ᠭᠠᠷᠤᠢ ᠵᠦᠢᠯ ︵ᠢᠵᠢ︶ ᠤᠨ ᠡᠳ᠋ ᠪᠣᠳᠠᠰ ᠬᠠᠨᠳᠢᠪᠯᠡᠵᠤ᠂ 45 ᠶᠠᠳᠠᠭᠤ ᠬᠦᠴᠢᠷᠳᠡᠯᠲᠡᠢ | ᠰᠤᠷᠤᠭᠴᠢ ᠶᠢᠨ ᠠᠮᠵᠢᠯᠲᠠ ᠲᠠᠢ ᠪᠠᠷ ᠰᠤᠷᠤᠯᠭ᠎ᠠ ᠪᠠᠨ ᠲᠡᠭᠦᠰᠬᠡᠬᠦ ᠳᠤ ᠨᠢ ᠲᠤᠰᠠᠯᠠᠵᠠᠢ᠃ |