ᠥᠪᠥᠷ ᠵᠠᠰᠠᠭ ᠲᠣᠭᠲᠠᠭᠠᠭᠰᠠᠨ ﹇2020﹈ 15 ᠳ᠋ᠤᠭᠠᠷ ᠲᠣᠭᠠᠲᠤ | 2020 ᠣᠨ ᠤ 8 ᠳ᠋ᠤᠭᠠᠷ ᠰᠠᠷ᠎ᠠ ᠶᠢᠨ 6 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠴᠡᠷᠢᠭ ᠤᠨ ᠡᠯ᠎ᠡ ᠬᠤᠪᠢᠶᠠᠷᠢ | ᠲᠣᠭᠤᠷᠢᠭ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠢ | ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ | ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ | ᠨᠢᠭᠡᠳᠦᠭᠡᠷ ᠵᠦᠢᠯ ᠪᠥᠬᠦ ᠣᠷᠣᠨ ᠤ ᠡᠷᠦᠬᠡ ᠶᠢᠨ ᠴᠡᠷᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠢᠷᠤᠮ | ᠡᠭᠦᠷᠭᠡ ᠶᠢ ᠭᠦᠢᠴᠡᠳᠬᠡᠬᠦ ᠳᠤ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠵᠢᠯ ᠢ ᠰᠠᠶᠢᠲᠤᠷ ᠬᠢᠵᠦ᠂ | ᠡᠷᠦᠬᠡ ᠶᠢᠨ ᠴᠡᠷᠢᠭ ᠤᠨ ᠠᠵᠢᠯ ᠢ ᠳᠡᠮᠵᠢᠵᠦ ᠲᠡᠭᠦᠨ ᠳᠤ ᠣᠷᠣᠯᠴᠠᠬᠤ ᠠᠷᠠᠳ ᠣᠯᠠᠨ ᠪᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠬᠢᠨ ᠤ ᠢᠷᠠᠭᠤ ᠠᠯᠳᠠᠷᠲᠤ ᠰᠡᠳᠬᠢᠭᠳᠡᠯ ᠪᠠ ᠬᠦᠷᠲᠡᠭᠡᠮᠵᠢᠲᠦ ᠰᠡᠳᠬᠢᠭᠳᠡᠯ ᠢ ᠨᠢ | ᠳᠡᠭᠡᠭᠰᠢᠯᠡᠭᠦᠯᠬᠦ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ︽ᠰᠢᠨ᠎ᠡ ᠪᠠᠶᠢᠳᠠᠯ ᠳᠣᠣᠷᠠᠬᠢ | ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ︾ ᠪᠠ ︽ᠮᠠᠨ ᠤ ᠴᠡᠷᠢᠭ ᠤᠨ | ᠪᠡᠯᠡᠳᠬᠡᠯ ᠬᠦᠴᠦᠨ ᠤ ᠪᠠᠶᠢᠭᠤᠯᠤᠯᠲᠠ ᠶᠢᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠥᠯᠦᠪᠵᠢᠭᠦᠯᠭᠡ︾ | ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠷᠦᠬᠡ ᠶᠢᠨ ᠴᠡᠷᠢᠭ ᠤᠨ | ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 15 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢᠨ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠡᠲᠡᠭᠡᠳ ᠪᠣᠯ | ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠲᠠᠢ ᠭᠤᠣᠯᠯᠠᠭᠴᠢ ᠡᠷᠦᠬᠡ ᠶᠢᠨ ᠴᠡᠷᠢᠭ ᠪᠠ ᠳᠤᠭᠤᠶᠢᠯᠠᠩ | ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ᠎ᠠ᠂ ᠬᠤᠪᠢ | ᠬᠥᠮᠥᠨ ᠤ ᠬᠦᠴᠦᠨ ᠪᠦᠬᠦᠢ ᠦᠨᠡᠮᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠣᠯᠯᠠᠭᠴᠢ | ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠳᠠᠷᠠᠭᠠᠬᠢ | ᠨᠢᠭᠡᠴᠢ᠂ ᠪᠠᠶᠢᠭᠤᠯᠤᠮᠵᠢ᠂ ᠲᠠᠯᠠᠪᠤᠷ ᠭᠠᠵᠠᠷ ᠲᠤ ᠭᠤᠣᠯᠯᠠᠭᠴᠢ ᠡᠷᠦᠬᠡ ᠶᠢᠨ ᠴᠡᠷᠢᠭ ᠲᠤ ᠦᠢᠯᠡᠴᠢᠯᠡᠬᠦ ᠴᠣᠩᠬᠤᠪᠴᠢ | ᠭᠠᠷᠭᠠᠬᠤ ᠪᠤᠶᠤ ᠢᠯᠡᠷᠬᠡᠢ ᠲᠡᠮᠳᠡᠭ ᠲᠠᠯᠪᠢᠵᠤ᠂ ᠤᠷᠢᠳ ᠢᠶᠠᠷ ᠦᠢᠯᠡᠴᠢᠯᠡᠭᠡ ᠬᠠᠩᠭᠠᠬᠤ ᠬᠡᠷᠡᠭᠲᠡᠢ᠄ | ︵ᠨᠢᠭᠡ︶ ᠡᠯ᠎ᠡ ᠱᠠᠲᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠥᠪ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠭᠠᠵᠠᠷ ᠤᠨ ᠡᠷᠦᠬᠡ ᠠᠮᠠ ᠶᠢᠨ | ᠦᠢᠯᠡᠴᠢᠯᠡᠭᠡᠨ ᠤ ᠲᠢᠩᠬᠢᠮ᠂ ᠤᠷ᠎ᠠ ᠮᠡᠷᠭᠡᠰᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ | ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ︔ | ︵ᠬᠤᠶᠠᠷ︶ ᠪᠠᠩᠬᠢ ᠶᠢᠨ ᠦᠢᠯᠡᠴᠢᠯᠡᠭᠡᠨ ᠤ ᠲᠣᠣᠷ ᠴᠡᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ︔ | ︵ᠭᠤᠷᠪᠠ︶ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠤᠷ ᠣᠷᠳᠣᠨ᠂ | ᠬᠤᠲᠠ ᠶᠢᠨ ᠴᠡᠴᠡᠷᠯᠢᠭ ᠵᠡᠷᠭᠡ ᠪᠣᠯᠣᠨ᠎ᠠ᠃ | ᠳᠥᠷᠪᠡᠳᠦᠭᠡᠷ ᠵᠦᠢᠯ ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠠᠷᠠᠭᠠᠬᠢ | ᠦᠢᠯᠡᠴᠢᠯᠡᠭᠡ ᠶᠢ ᠤᠷᠢᠳ ᠢᠶᠠᠷ ᠬᠦᠷᠲᠡᠨ᠎ᠠ᠄ | ︵ᠨᠢᠭᠡ︶ ᠡᠷᠦᠬᠡ ᠠᠮᠠ ᠪᠠ ᠤᠷᠤᠭ ᠤᠨ ᠳᠠᠩᠰᠠᠯᠠᠨ ᠲᠡᠮᠳᠡᠭᠯᠡᠬᠦ ᠭᠠᠷᠳᠠᠮ ᠢ ᠨᠢ ᠤᠷᠢᠳ ᠢᠶᠠᠷ ᠭᠦᠢᠴᠡᠳᠬᠡᠵᠦ | ᠥᠭᠬᠦ︔ | ︵ᠬᠤᠶᠠᠷ︶ ᠠᠵᠢᠯ ᠣᠯᠵᠤ ᠦᠢᠯᠡᠰ ᠴᠣᠭᠴᠠᠯᠠᠬᠤ ᠶᠢ ᠨᠢ ᠲᠡᠳᠬᠦᠬᠦ ᠪᠠ ᠠᠵᠢᠯ ᠣᠯᠬᠤ ᠳᠤ ᠨᠢ ᠲᠤᠰᠠᠯᠠᠬᠤ ᠶᠢ | ᠤᠷᠢᠳ ᠢᠶᠠᠷ ᠬᠦᠷᠲᠡᠬᠦ︔ | ︵ᠭᠤᠷᠪᠠ︶ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠢ ᠤᠷᠢᠳ ᠢᠶᠠᠷ ᠭᠦᠢᠴᠡᠳᠬᠡᠵᠦ ᠥᠭᠬᠦ︔ | ︵ᠳᠥᠷᠪᠡ︶ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠯ᠎ᠡ ᠥᠷᠲᠡᠭᠡ᠂ ᠠᠷᠠᠳ ᠤᠨ | ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳ ᠢᠶᠠᠷ ᠪᠢᠯᠧᠲ ᠬᠤᠳᠠᠯᠳᠤᠨ ᠠᠪᠬᠤ᠂ ᠠᠮᠤᠷ | ᠲᠦᠪᠰᠢᠨ ᠤ ᠪᠠᠶᠢᠴᠠᠭᠠᠯᠲᠠ ᠬᠢᠬᠦ ᠪᠠ ᠠᠶᠠᠨᠴᠢᠳ ᠤᠨ ᠮᠠᠰᠢᠨ ᠲᠡᠷᠭᠡ ᠭᠠᠯᠲᠤ ᠲᠡᠷᠭᠡᠨ ᠳᠤ ᠰᠠᠭᠤᠬᠤ ᠵᠡᠷᠭᠡ | ᠲᠠᠯ᠎ᠠ ᠶᠢᠨ ᠦᠢᠯᠡᠴᠢᠯᠡᠭᠡ ᠬᠦᠷᠲᠡᠬᠦ︔ | ︵ᠲᠠᠪᠤ︶ ᠰᠤᠷᠭᠠᠭᠤᠯᠢᠯᠠᠯ ᠳᠤ ᠣᠷᠣᠯᠴᠠᠬᠤ ᠪᠠ ᠡᠭᠦᠷᠭᠡ ᠭᠦᠢᠴᠡᠳᠬᠡᠬᠦ ᠬᠤᠭᠤᠴᠠᠭᠠᠨ ᠳᠤ ᠠᠯᠪᠠᠨ | ᠠᠵᠢᠯ ᠠᠴᠠ ᠪᠣᠯᠵᠤ ᠰᠢᠷᠬᠠᠲᠤᠭᠰᠠᠨ ᠪᠤᠶᠤ ᠭᠡᠨᠡᠳᠲᠡ ᠡᠪᠡᠳᠴᠢᠯᠡᠭᠰᠡᠨ ᠪᠠᠶᠢᠪᠠᠯ᠂ ᠡᠯ᠎ᠡ ᠱᠠᠲᠤᠨ ᠳᠠᠬᠢ ᠠᠯᠪᠠᠨ ᠠᠴᠠ | ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠤᠷᠢᠳ ᠢᠶᠠᠷ ᠳ᠋ᠤᠭᠠᠷᠯᠠᠬᠤ᠂ ᠰᠢᠨᠵᠢᠯᠡᠨ ᠰᠢᠯᠭᠠᠬᠤ᠂ ᠪᠠᠶᠢᠴᠠᠭᠠᠯᠲᠠ ᠬᠢᠬᠦ᠂ ᠡᠮ ᠠᠪᠬᠤ᠂ ᠡᠮᠨᠡᠯᠭᠡ ᠳᠤ ᠰᠠᠭᠤᠵᠤ | ᠡᠮᠨᠡᠭᠦᠯᠬᠦ ᠵᠡᠷᠭᠡ ᠣᠨᠣᠰᠢᠯᠠᠨ ᠡᠮᠴᠢᠯᠡᠬᠦ ᠦᠢᠯᠡᠴᠢᠯᠡᠭᠡ ᠬᠦᠷᠲᠡᠬᠦ︔ | ︵ᠵᠢᠷᠭᠤᠭ᠎ᠠ︶ ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠡᠭ ᠲᠤ ᠳᠠᠩᠰᠠᠨ ᠡᠷᠦᠬᠡ ᠪᠠᠶᠢᠭᠤᠯᠬᠤ | ᠪᠠ ᠦᠭᠡᠶᠢᠰᠬᠡᠬᠦ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠳᠠᠩᠰᠠ ᠰᠢᠯᠵᠢᠭᠦᠯᠬᠦ ᠪᠠ ᠵᠣᠭᠤᠰ ᠭᠤᠪᠢᠭᠤᠯᠬᠤ | ᠵᠡᠷᠭᠡ ᠲᠤᠬᠠᠶᠢᠯᠠᠭᠰᠠᠨ ᠠᠵᠢᠯ ᠢ ᠤᠷᠢᠳ ᠢᠶᠠᠷ ᠭᠦᠢᠴᠡᠳᠬᠡᠵᠦ ᠥᠭᠬᠦ︔ | ︵ᠳᠣᠯᠤᠭ᠎ᠠ︶ ᠡᠯ᠎ᠡ ᠲᠦᠷᠣᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠲᠤ ᠲᠠᠶᠢᠯᠪᠤᠷᠢᠯᠠᠭᠴᠢ᠂ ᠵᠠᠮᠴᠢᠯᠠᠭᠴᠢ | ᠵᠡᠷᠭᠡ ᠶᠢ ᠤᠷᠢᠳ ᠢᠶᠠᠷ ᠵᠠᠯᠠᠬᠤ ᠦᠢᠯᠡᠴᠢᠯᠡᠭᠡ ᠬᠦᠷᠲᠡᠬᠦ᠃ | ᠲᠠᠪᠤᠳᠤᠭᠠᠷ ᠵᠦᠢᠯ ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠡᠯ᠎ᠡ ᠲᠥᠷᠥᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ | ᠣᠷᠳᠣᠨ᠂ ᠦᠵᠡᠰᠭᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠴᠢᠯᠦᠭᠡᠲᠡᠢ ᠦᠵᠡᠭᠦᠯᠬᠦ | ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠠᠯᠳᠠᠷᠲᠠᠢ ᠬᠠᠭᠤᠴᠢᠳ ᠪᠠ ᠡᠯ᠎ᠡ ᠲᠥᠷᠥᠯ ᠤᠨ | ᠵᠢᠭᠤᠯᠴᠢᠯᠠᠯ ᠤᠨ ᠦᠵᠡᠮᠵᠢ ᠶᠢᠨ ᠭᠠᠵᠠᠷ ᠢᠶᠠᠷ ᠵᠢᠭᠤᠯᠴᠢᠯᠠᠨ ᠲᠣᠭᠤᠷᠢᠬᠤ ᠵᠢᠴᠢ ᠨᠡᠶᠢᠲᠡ ᠶᠢᠨ ᠮᠠᠰᠢᠨ ᠲᠡᠷᠭᠡ᠂ | ᠭᠠᠵᠠᠷ ᠳᠣᠣᠷᠠᠬᠢ ᠭᠠᠯᠲᠤ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠳᠤ | ᠰᠠᠭᠤᠬᠤ ᠳᠤ ᠬᠠᠷᠠᠭᠠᠯᠵᠠᠯ ᠬᠦᠷᠲᠡᠵᠦ ᠪᠣᠯᠣᠨ᠎ᠠ᠂ ᠪᠣᠳᠠᠲᠠᠢ ᠬᠠᠷᠠᠭᠠᠯᠵᠠᠬᠤ ᠠᠷᠭ᠎ᠠ ᠬᠡᠮᠵᠢᠶ᠎ᠡ ᠶᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃ | ᠵᠢᠷᠭᠤᠳᠤᠭᠠᠷ ᠵᠦᠢᠯ ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠠᠷᠠᠭᠠᠬᠢ ᠬᠠᠷᠠᠭᠠᠯᠵᠠᠯ ᠢ | ᠬᠦᠷᠲᠡᠨ᠎ᠠ᠄ | ︵ᠨᠢᠭᠡ︶ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ | ᠠᠵᠤ ᠦᠢᠯᠡᠳᠪᠦᠷᠢ ᠶᠢᠨ ᠺᠣᠮᠫᠠᠨᠢ ᠶᠢᠨ ᠲᠣᠰᠣ ︵ᠰᠢᠲᠠᠮᠠᠬᠠᠢ ᠬᠡᠢ︶ ᠨᠡᠮᠡᠬᠦ ᠥᠷᠲᠡᠭᠡᠨ ᠳᠤ ᠭᠡᠷ ᠪᠦᠯᠢ ᠶᠢᠨ ᠮᠠᠰᠢᠨ | ᠲᠡᠷᠭᠡᠨ ᠳᠤ ᠪᠠᠨ ᠲᠣᠰᠣ ᠨᠡᠮᠡᠬᠦ ᠳᠤ ᠨᠤᠭᠤᠯᠤᠨ ᠪᠣᠳᠣᠬᠤ ᠬᠠᠷᠠᠭᠠᠯᠵᠠᠯ ᠬᠦᠷᠲᠡᠨ᠎ᠡ᠂ ᠪᠣᠳᠠᠲᠠᠢ ᠨᠤᠭᠤᠯᠬᠤ | ᠬᠠᠷᠢᠴᠠᠯ ᠢ ᠨᠢ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠪᠣᠷᠣᠯᠠᠭᠤᠯᠬᠤ ᠬᠤᠪᠢᠶᠠᠷᠢ ᠺᠣᠮᠫᠠᠨᠢ᠂ ᠳᠤᠮᠳᠠᠳᠤ | ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠣᠷᠣᠯᠠᠭᠤᠯᠬᠤ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠲᠣᠭᠲᠠᠭᠠᠨ᠎ᠠ︔ | ︵ᠬᠤᠶᠠᠷ︶ ᠳᠤᠮᠳᠠᠳᠤ ᠤᠯᠤᠰ ᠤᠨ ᠰᠢᠯᠵᠢᠭᠡ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠭᠰᠡᠨ | ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠴᠢᠮᠡᠭᠡ ᠬᠤᠯᠪᠣᠭ᠎ᠠ ᠶᠢᠨ ᠡᠵᠡᠩᠨᠡᠨ ᠠᠵᠢᠯᠯᠠᠬᠤ ᠲᠣᠣᠷ ᠲᠤ | ᠬᠤᠪᠢ ᠬᠥᠮᠥᠨ ᠤ ᠭᠠᠷ ᠤᠲᠠᠰᠤᠨ ᠤ ᠴᠢᠮᠡᠭᠡ ᠬᠤᠯᠪᠣᠭ᠎ᠠ ᠨᠢ ᠨᠤᠭᠤᠯᠤᠨ ᠪᠣᠳᠣᠬᠤ ᠬᠠᠷᠠᠭᠠᠯᠵᠠᠯ ᠬᠦᠷᠲᠡᠨ᠎ᠠ᠂ | ᠪᠣᠳᠠᠲᠠᠢ ᠨᠤᠭᠤᠯᠬᠤ ᠬᠠᠷᠢᠴᠠᠯ ᠢ ᠪᠣᠯ ᠳᠤᠮᠳᠠᠳᠤ ᠤᠯᠤᠰ ᠤᠨ ᠰᠢᠯᠵᠢᠭᠡ ᠴᠢᠮᠡᠭᠡ ᠬᠤᠯᠪᠣᠭᠠᠨ ᠤ ᠪᠦᠯᠦᠭᠯᠡᠯ ᠤᠨ | ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠭᠰᠡᠨ ᠰᠦᠯᠵᠢᠶᠡᠨ ᠤ ᠴᠢᠮᠡᠭᠡ | ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ | ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠴᠢᠮᠡᠭᠡ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠣᠭᠲᠠᠭᠠᠨ᠎ᠠ᠃ | ᠳᠣᠯᠣᠳᠤᠭᠠᠷ ᠵᠦᠢᠯ ᠭᠤᠣᠯᠯᠠᠭᠴᠢ ᠡᠷᠦᠬᠡ ᠶᠢᠨ ᠴᠡᠷᠢᠭ ᠨᠢ ᠲᠠᠶᠢᠨ ᠤ ᠪᠡᠯᠡᠳᠬᠡᠯ ᠳᠤ ᠵᠢᠵᠢᠭᠦᠷᠯᠡᠨ | ᠠᠵᠢᠯᠯᠠᠬᠤ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠰᠤᠷᠭᠠᠭᠤᠯᠢᠯᠠᠯ ᠪᠠ ᠬᠠᠮᠢᠶ᠎ᠠ ᠪᠦᠬᠦᠢ ᠠᠵᠢᠯᠯᠠᠭᠠᠨ ᠳᠤ | ᠣᠷᠣᠯᠴᠠᠬᠤ ᠳᠤ᠂ ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠨᠢ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠣᠯᠭᠤᠮᠵᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ | ᠬᠡᠷᠡᠭᠲᠡᠢ᠂ ᠡᠭᠦᠨ ᠠᠴᠠ ᠰᠢᠯᠲᠠᠭᠠᠯᠠᠨ ᠬᠦᠳᠡᠯᠮᠥᠷᠢ ᠪᠤᠶᠤ ᠤᠷᠢᠵᠤ ᠬᠡᠷᠡᠭᠯᠡᠬᠦ ᠬᠠᠷᠢᠴᠠᠭ᠎ᠠ ᠶᠢ ᠨᠢ ᠬᠦᠴᠦᠨ ᠦᠭᠡᠢ | ᠪᠣᠯᠭᠠᠵᠤ ᠪᠣᠯᠬᠤ ᠦᠭᠡᠢ᠃ | ᠨᠠᠢᠮᠠᠳᠤᠭᠠᠷ ᠵᠦᠢᠯ ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ | ᠦᠢᠯᠡᠰ ᠨᠢᠭᠡᠴᠢ ᠨᠢ ᠦᠢᠯᠡᠳᠪᠦᠷᠢᠯᠡᠵᠦ ᠡᠵᠡᠩᠨᠡᠬᠦ ᠳᠤ ᠪᠠᠨ ᠳᠠᠷᠠᠭᠠᠬᠢ ᠲᠡᠳᠬᠦᠬᠦ ᠲᠥᠷᠥ ᠶᠢᠨ ᠪᠣᠳᠣᠯᠭ᠎ᠠ ᠶᠢ | ᠬᠦᠷᠲᠡᠨ᠎ᠡ᠄ | ︵ᠨᠢᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠵᠡᠪᠰᠡᠭᠲᠦ ᠬᠦᠴᠦᠨ ᠤ ᠠᠵᠢᠯ ᠥᠷᠨᠢᠭᠦᠯᠬᠦ ᠳᠤ | ᠬᠡᠷᠡᠭᠰᠡᠬᠦ ᠵᠠᠷᠤᠳᠠᠯ ᠢ ᠨᠢ ᠦᠢᠯᠡᠳᠪᠦᠷᠢᠯᠡᠵᠦ ᠡᠵᠡᠩᠨᠡᠬᠦ ᠥᠪᠡᠷ ᠤᠨ ᠥᠷᠲᠡᠭ ᠲᠤ ᠣᠷᠣᠭᠤᠯᠵᠤ᠂ ᠬᠠᠮᠢᠶ᠎ᠠ ᠪᠦᠬᠦᠢ | ᠵᠠᠷᠤᠳᠠᠯ ᠢ ᠨᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠤᠨ᠎ᠠ︔ | ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ | ᠬᠦᠴᠦᠨ ᠤ ᠠᠵᠢᠯ ᠤᠨ ᠦᠷ᠎ᠡ ᠪᠦᠲᠦᠮᠵᠢ ᠨᠢ ᠲᠣᠪᠣᠶᠢᠮ᠎ᠠ ᠪᠠᠶᠢᠬᠤ ᠪᠠᠷ ᠮᠠᠭᠠᠳᠯᠠᠨ ᠲᠣᠭᠲᠠᠭᠠᠭᠰᠠᠨ ᠪᠠᠶᠢᠪᠠᠯ᠂ | ᠲᠥᠷᠥᠯ ᠵᠦᠢᠯ᠂ ᠭᠠᠵᠠᠷ ᠬᠡᠷᠡᠭᠯᠡᠬᠦ ᠵᠡᠷᠭᠡ ᠳᠤ ᠤᠷᠢᠳ ᠢᠶᠠᠷ ᠬᠢᠨᠠᠨ ᠵᠥᠪᠰᠢᠶᠡᠷᠡᠬᠦ ᠪᠠ ᠳᠡᠰ ᠳᠠᠷᠠᠭᠠᠯᠠᠯ ᠢ ᠨᠢ | ᠳᠥᠭᠦᠮᠴᠢᠯᠡᠬᠦ ᠲᠥᠷᠥ ᠶᠢᠨ ᠪᠣᠳᠣᠯᠭ᠎ᠠ ᠵᠢᠴᠢ ᠪᠤᠰᠤᠳ ᠲᠡᠳᠬᠦᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠦᠷᠲᠡᠨ᠎ᠠ︔ | | ︵ᠭᠤᠷᠪᠠ︶ ᠵᠢᠭᠠᠨ ᠵᠢᠯᠤᠭᠤᠳᠬᠤ ᠴᠢᠮᠡᠭᠡ ᠬᠤᠯᠪᠣᠭ᠎ᠠ᠂ ᠲᠠᠩᠨᠠᠨ ᠠᠵᠢᠭᠯᠠᠵᠤ ᠬᠤᠯᠪᠣᠭ᠎ᠠ ᠠᠪᠬᠤ᠂ ᠪᠠᠴᠢᠮ | ᠪᠠᠶᠢᠳᠠᠯ ᠳᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ | ᠬᠡᠷᠡᠭᠰᠡᠯ ᠪᠤᠶᠤ ᠬᠠᠮᠢᠶ᠎ᠠ ᠪᠦᠬᠦᠢ ᠦᠢᠯᠡᠳᠬᠦᠨ ᠦᠢᠯᠡᠳᠪᠦᠷᠢᠯᠡᠵᠦ ᠡᠵᠡᠩᠨᠡᠵᠦ ᠪᠠᠶᠢᠬᠤ ᠪᠥᠭᠡᠳ ᠲᠡᠳᠡᠭᠡᠷ ᠨᠢ | ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ | ᠬᠤᠳᠠᠯᠳᠤᠨ ᠠᠪᠬᠤ ᠨᠥᠬᠦᠴᠡᠯ ᠳᠤ ᠨᠡᠶᠢᠴᠡᠵᠦ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠭᠠᠷᠴᠠᠭ ᠲᠤ ᠣᠷᠣᠭᠤᠯᠤᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠵᠡᠪᠰᠡᠭᠲᠦ ᠬᠦᠴᠦᠨ ᠤ ᠠᠵᠢᠯ ᠤᠨ ᠦᠷ᠎ᠡ ᠪᠦᠲᠦᠮᠵᠢ ᠨᠢ ᠲᠣᠪᠣᠶᠢᠮ᠎ᠠ ᠪᠠᠶᠢᠬᠤ ᠪᠠᠷ ᠮᠠᠭᠠᠳᠯᠠᠨ ᠲᠣᠭᠲᠠᠭᠠᠭᠰᠠᠨ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠬᠤᠪᠢ ᠬᠥᠮᠥᠨ ᠨᠢ ᠤᠯᠤᠰ ᠲᠥᠷᠥ ᠶᠢᠨ ᠲᠠᠯ᠎ᠠ ᠪᠠᠷ ᠬᠢ | ᠳᠠᠷᠠᠭᠠᠬᠢ ᠬᠠᠷᠠᠭᠠᠯᠵᠠᠯ ᠢ ᠬᠦᠷᠲᠡᠨ᠎ᠡ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠴᠡᠭᠡ ᠶᠢ ᠠᠭᠤᠰᠤᠯᠴᠠᠭᠤᠯᠬᠤ | ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠰᠢᠯᠭᠠᠷᠠᠭᠤᠯᠤᠨ ᠰᠣᠩᠭᠤᠬᠤ ᠳᠤ ᠬᠤᠪᠢ ᠨᠡᠮᠡᠵᠦ ᠤᠷᠮᠠᠰᠢᠭᠤᠯᠬᠤ︔ | ︵ᠬᠤᠶᠠᠷ︶ ᠠᠵᠤ ᠠᠬᠤᠶᠢᠯᠠᠯ ᠤᠨ ᠬᠥᠷᠥᠩᠭᠡ ᠮᠥᠩᠭᠦ ᠭᠠᠷᠭᠠᠭᠰᠠᠳ ᠪᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠨ ᠲᠠᠨᠢᠯᠴᠠᠭᠤᠯᠬᠤ ᠳᠤ᠂ | ᠵᠢᠱᠢᠭᠳᠡᠭᠰᠡᠳ ᠤᠨ ᠪᠠᠷᠢᠮᠵᠢᠶ᠎ᠠ ᠨᠥᠬᠦᠴᠡᠯ ᠪᠠ ᠪᠦᠲᠦᠴᠡ ᠬᠠᠷᠢᠴᠠᠯ ᠢ ᠨᠢ ᠦᠨᠳᠦᠰᠦᠯᠡᠨ ᠤᠷᠢᠳ ᠢᠶᠠᠷ ᠰᠣᠩᠭᠤᠨ | ᠲᠠᠨᠢᠯᠴᠠᠭᠤᠯᠤᠨ᠎ᠠ᠃ | ᠠᠷᠪᠠᠳᠤᠭᠠᠷ ᠵᠦᠢᠯ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠳᠤ ᠳᠠᠷᠠᠭᠠᠬᠢ | ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠄ | ︵ᠨᠢᠭᠡ︶ ᠴᠡᠷᠢᠭ ᠤᠨ ᠡᠯ᠎ᠡ ᠬᠤᠪᠢᠶᠠᠷᠢ ᠲᠣᠭᠤᠷᠢᠭ᠂ ᠰᠡᠷᠭᠡᠶᠢᠯᠡᠯᠲᠡ ᠶᠢᠨ ᠲᠣᠭᠤᠷᠢᠭ ᠪᠠ ᠰᠢᠶᠠᠨ ᠤ ᠱᠠᠲᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ | ᠪᠦᠯᠦᠭᠯᠡᠯᠳᠦ ᠺᠣᠮᠫᠠᠨᠢ ᠨᠢ ᠳᠤᠭᠤᠶᠢᠯᠠᠩ ᠤᠨ ᠡᠷᠦᠬᠡ ᠶᠢᠨ ᠴᠡᠷᠢᠭ ᠲᠤ ︽ᠭᠤᠣᠯᠯᠠᠭᠴᠢ ᠡᠷᠦᠬᠡ ᠶᠢᠨ ᠴᠡᠷᠢᠭ ᠤᠨ | ᠦᠨᠡᠮᠯᠡᠯ︾ ᠣᠯᠭᠤᠬᠤ᠂ ᠬᠢᠨᠠᠨ ᠰᠢᠯᠭᠠᠬᠤ ᠪᠠ ᠰᠣᠯᠢᠬᠤ ᠠᠵᠢᠯ ᠢ ᠬᠠᠷᠢᠭᠤᠴᠠᠨ᠎ᠠ︔ | ︵ᠬᠤᠶᠠᠷ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ | ᠤᠳᠠᠭ᠎ᠠ ᠪᠦᠷᠢ ᠶᠢᠨ ᠬᠢᠨᠠᠨ ᠰᠢᠯᠭᠠᠭᠰᠠᠨ ᠤ ᠳᠠᠷᠠᠭᠠᠬᠢ ᠬᠦᠴᠦᠨ ᠪᠦᠬᠦᠢ ᠬᠤᠭᠤᠴᠠᠭ᠎ᠠ ᠨᠢ ᠨᠢᠭᠡ ᠵᠢᠯ ᠪᠣᠯᠣᠨ᠎ᠠ᠂ | ᠭᠤᠣᠯᠯᠠᠭᠴᠢ ᠡᠷᠦᠬᠡ ᠶᠢᠨ ᠴᠡᠷᠢᠭ ᠨᠢ ᠲᠤᠰ ᠦᠨᠡᠮᠯᠡᠯ ᠤᠨ ᠬᠦᠴᠦᠨ ᠪᠦᠬᠦᠢ ᠬᠤᠭᠤᠴᠠᠭᠠᠨ ᠳᠤ ᠬᠠᠮᠢᠶ᠎ᠠ ᠪᠦᠬᠦᠢ | ᠡᠷᠬᠡ ᠠᠰᠢᠭ ᠢ ᠨᠢ ᠪᠠᠲᠤᠯᠠᠬᠤ ᠠᠭᠤᠯᠭ᠎ᠠ ᠶᠢ ᠬᠦᠷᠲᠡᠨ᠎ᠠ᠃ ᠦᠨᠡᠮᠯᠡᠯ ᠨᠢ ᠬᠤᠭᠤᠴᠠᠭ᠎ᠠ ᠲᠤᠯᠵᠤ ᠬᠢᠨᠠᠨ | ᠰᠢᠯᠭᠠᠭᠤᠯᠤᠭᠰᠠᠨ ᠦᠭᠡᠢ ᠪᠤᠶᠤ ᠡᠷᠦᠬᠡ ᠶᠢᠨ ᠴᠡᠷᠢᠭ ᠠᠴᠠ ᠭᠠᠷᠬᠤ ᠳᠤ ᠲᠤᠰ ᠦᠨᠡᠮᠯᠡᠯ ᠨᠢ ᠠᠶᠠᠨᠳᠠᠭᠠᠨ ᠬᠦᠴᠦᠨ | ᠦᠭᠡᠢ ᠪᠣᠯᠵᠤ᠂ ᠬᠠᠮᠢᠶ᠎ᠠ ᠪᠦᠬᠦᠢ ᠡᠷᠬᠡ ᠠᠰᠢᠭ ᠢ ᠳᠠᠬᠢᠵᠤ ᠬᠦᠷᠲᠡᠬᠦ ᠦᠭᠡᠢ ᠪᠣᠯᠣᠨ᠎ᠠ︔ | ︵ᠭᠤᠷᠪᠠ︶ ᠦᠨᠡᠮᠯᠡᠯ ᠲᠠᠢ ᠬᠥᠮᠥᠨ ᠨᠢ ᠬᠠᠤᠯᠢ ᠶᠢ ᠵᠥᠷᠢᠴᠡᠭᠰᠡᠨ᠂ ᠰᠠᠬᠢᠯᠭ᠎ᠠ ᠶᠢ ᠵᠥᠷᠢᠴᠡᠭᠰᠡᠨ ᠪᠠ | ᠲᠣᠭᠲᠠᠭᠠᠯ ᠢ ᠵᠥᠷᠢᠴᠡᠭᠰᠡᠨ ᠵᠡᠷᠭᠡ ᠦᠢᠯᠨ ᠠᠵᠢᠯᠯᠠᠭ᠎ᠠ ᠲᠠᠢ ᠪᠣᠯ᠂ ᠲᠡᠭᠦᠨ ᠤ ︽ᠭᠤᠣᠯᠯᠠᠭᠴᠢ ᠡᠷᠦᠬᠡ ᠶᠢᠨ | ᠴᠡᠷᠢᠭ ᠤᠨ ᠦᠨᠡᠮᠯᠡᠯ︾ ᠳᠤ ᠣᠨ ᠤ ᠰᠢᠯᠭᠠᠭᠤᠯᠣᠯᠳᠠ ᠬᠢᠵᠦ ᠥᠭᠬᠦ ᠦᠭᠡᠢ ᠪᠥᠭᠡᠳ ᠭᠤᠣᠯᠯᠠᠭᠴᠢ ᠡᠷᠦᠬᠡ ᠶᠢᠨ | ᠴᠡᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠳᠤ | ᠰᠢᠢᠳᠬᠡᠭᠳᠡᠨ ᠲᠣᠷᠭᠠᠭᠳᠠᠭᠰᠠᠨ᠂ ᠮᠠᠭᠤ ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠡᠷᠡᠭᠦᠦ ᠶᠢᠨ ᠬᠡᠷᠡᠭ ᠢᠶᠠᠷ | ᠰᠢᠢᠳᠬᠡᠭᠳᠡᠨ ᠲᠣᠷᠭᠠᠭᠳᠠᠭᠰᠠᠨ ᠪᠣᠯ ᠦᠨᠡᠮᠯᠡᠯ ᠣᠯᠭᠤᠭᠰᠠᠨ ᠨᠢᠭᠡᠴᠢ ᠠᠴᠠ ︽ᠭᠤᠣᠯᠯᠠᠭᠴᠢ ᠡᠷᠦᠬᠡ ᠶᠢᠨ ᠴᠡᠷᠢᠭ ᠤᠨ | ᠦᠨᠡᠮᠯᠡᠯ︾ ᠢ ᠨᠢ ᠪᠤᠴᠠᠭᠠᠨ ᠠᠪᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ | ᠲᠦᠪᠰᠢᠨ ᠤ ᠬᠠᠮᠢᠶᠠᠷᠤᠯᠲᠠ ᠳᠤ ᠰᠢᠢᠳᠬᠡᠭᠳᠡᠨ ᠲᠣᠷᠭᠠᠭᠳᠠᠭᠰᠠᠨ ᠤ ᠳᠠᠷᠠᠭ᠎ᠠ ᠠᠯᠳᠠᠭ᠎ᠠ ᠪᠤᠷᠤᠭᠤ ᠪᠠᠨ | ᠰᠠᠨᠠᠭᠠᠴᠢᠯᠠᠭ᠎ᠠ ᠠᠴᠠ ᠪᠠᠨ ᠬᠠᠯᠠᠨ ᠵᠠᠯᠠᠷᠠᠭᠤᠯᠵᠤ ᠮᠠᠭᠤ ᠨᠥᠯᠥᠭᠡ ᠪᠠᠨ ᠢᠳᠡᠪᠬᠢᠲᠡᠢ ᠠᠷᠢᠯᠭᠠᠭᠰᠠᠨ ᠪᠠᠶᠢᠪᠠᠯ | ᠦᠨᠡᠮᠯᠡᠯ ᠣᠯᠭᠤᠭᠰᠠᠨ ᠨᠢᠭᠡᠴᠢ ᠪᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠡᠳ᠂ ︽ᠭᠤᠣᠯᠯᠠᠭᠴᠢ ᠡᠷᠦᠬᠡ ᠶᠢᠨ | ᠴᠡᠷᠢᠭ ᠤᠨ ᠦᠨᠡᠮᠯᠡᠯ︾ ᠢ ᠨᠢ ᠪᠤᠴᠠᠭᠠᠨ ᠣᠯᠭᠤᠵᠤ ᠪᠣᠯᠣᠨ᠎ᠠ︔ | ︵ᠳᠥᠷᠪᠡ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠲᠤᠰ ᠬᠥᠮᠥᠨ ᠨᠢ ᠬᠡᠷᠡᠭᠯᠡᠬᠦ ᠪᠠᠷ | ᠬᠢᠵᠠᠭᠠᠷᠯᠠᠨ᠎ᠠ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠪᠠᠯᠠᠯᠠᠵᠤ ᠥᠭᠡᠷᠡᠴᠢᠯᠡᠭᠰᠡᠨ᠂ ᠪᠤᠰᠤᠳ ᠲᠤ | ᠵᠢᠭᠡᠯᠡᠭᠦᠯᠵᠦ ᠬᠡᠷᠡᠭᠯᠡᠭᠦᠯᠦᠭᠰᠡᠨ ᠬᠥᠮᠥᠰ ᠤᠨ ᠦᠨᠡᠮᠯᠡᠯ ᠢ ᠣᠯᠭᠤᠭᠰᠠᠨ ᠨᠢᠭᠡᠴᠢ ᠠᠴᠠ ᠬᠤᠷᠢᠶᠠᠮᠵᠢᠯᠠᠨ ᠠᠪᠬᠤ | ᠬᠡᠷᠡᠭᠲᠡᠢ︔ ᠭᠡᠭᠡᠵᠦ ᠣᠷᠭᠢᠭᠰᠠᠨ ᠪᠤᠶᠤ ᠤᠷᠠᠵᠤ ᠰᠦᠢᠳᠬᠡᠭᠰᠡᠨ ᠪᠠᠶᠢᠪᠠᠯ ᠴᠠᠭ ᠲᠤᠬᠠᠢ ᠳᠤ ᠨᠢ ᠳᠡᠭᠡᠭᠰᠢ ᠮᠡᠳᠡᠭᠦᠯᠵᠦ | ᠪᠦᠷᠢᠳᠬᠡᠨ ᠳᠠᠩᠰᠠᠯᠠᠭᠤᠯᠬᠤ ᠬᠡᠷᠡᠭᠲᠡᠢ︔ | ︵ᠲᠠᠪᠤ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠵᠤ᠂ ᠮᠡᠬᠡᠯᠡᠨ ᠠᠪᠤᠭᠰᠠᠨ | ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠴᠡᠷᠢᠭ ᠤᠨ ᠶᠠᠪᠤᠳᠠᠯ ᠤᠨ ᠪᠠᠶᠢᠭᠤᠯᠭ᠎ᠠ ᠨᠢ ᠲᠤᠰ ᠬᠠᠷᠢᠶᠠᠲᠤ ᠲᠣᠭᠤᠷᠢᠭ ᠲᠠᠬᠢ ᠡᠷᠦᠬᠡ ᠶᠢᠨ ᠴᠡᠷᠢᠭ ᠢ | ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠠᠵᠢᠯ ᠢ ᠬᠠᠷᠢᠭᠤᠴᠠᠵᠤ᠂ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠤᠭᠰᠠᠨ ᠨᠢ ᠭᠦᠢᠴᠡᠳ ᠦᠭᠡᠢ ᠠᠴᠠ ᠪᠣᠯᠵᠤ ᠵᠠᠭᠠᠯᠳᠤᠯᠭ᠎ᠠ ᠡᠭᠦᠰᠬᠦ ᠪᠠ ᠮᠠᠭᠤ | ᠨᠥᠯᠥᠭᠡ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠬᠠᠷᠢᠶᠠᠯᠠᠭᠳᠠᠬᠤ ᠭᠠᠵᠠᠷ ᠤᠨ ᠠᠷᠠᠳ ᠤᠨ ᠵᠠᠰᠠᠭ ᠤᠨ | ᠣᠷᠳᠣᠨ ᠪᠠ ᠴᠡᠷᠢᠭ ᠤᠨ ᠶᠠᠪᠤᠳᠠᠯ ᠤᠨ ᠪᠠᠶᠢᠭᠤᠯᠭ᠎ᠠ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠯᠠᠷᠠᠭᠤᠯᠬᠤ ᠪᠠᠷ | ᠱᠠᠭᠠᠷᠳᠠᠵᠤ᠂ ᠪᠠᠶᠢᠳᠠᠯ ᠨᠢ ᠬᠦᠨᠳᠦ ᠨᠣᠴᠢᠲᠠᠢ ᠪᠣᠯ ᠬᠠᠤᠯᠢ ᠴᠠᠭᠠᠵᠠ ᠰᠠᠬᠢᠯᠭ᠎ᠠ ᠪᠠᠲᠤ ᠪᠠᠷ ᠬᠠᠷᠢᠭᠤᠴᠠᠯᠭ᠎ᠠ | ᠨᠡᠬᠡᠮᠵᠢᠯᠡᠨ᠎ᠡ᠃ | ᠠᠷᠪᠠᠨ ᠬᠤᠶᠠᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠠ ᠠᠳᠠᠯᠢ ᠱᠠᠲᠤᠨ ᠤ | ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶᠂ ᠠᠷᠠᠳ ᠤᠨ ᠵᠡᠪᠰᠡᠭᠲᠦ ᠬᠦᠴᠦᠨ ᠤ ᠬᠡᠯᠲᠡᠰ | ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠠᠷᠢᠨ | ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠤᠯᠭᠠᠷᠠᠪᠠᠯ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠲᠠᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠳᠥᠷᠪᠡᠳᠦᠭᠡᠷ ᠵᠦᠢᠯ ᠲᠤᠰ ᠠᠷᠭ᠎ᠠ ᠶᠢ 2020 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |