| ᠰᠤᠷᠭᠠᠨ ᠬᠥᠮᠦᠵᠢᠯ ᠤᠨ ᠶᠠᠮᠤᠨ᠄ ᠡᠯ᠎ᠡ ᠭᠠᠵᠠᠷ ᠡᠯ᠎ᠡ ᠰᠤᠷᠭᠠᠭᠤᠯᠢ ᠳᠤ ᠦᠨᠳᠦᠰᠦᠨ ᠬᠠᠤᠯᠢ ᠶᠢᠨ | ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ | ᠪᠦᠷᠢ ᠰᠤᠷᠤᠭᠴᠢᠳ ᠲᠤ 2 ᠬᠢᠴᠢᠶᠡᠯ ᠤᠨ ᠴᠠᠭ ᠠᠴᠠ ᠳᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ | ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠭᠠᠵᠠᠷ ᠡᠯ᠎ᠡ ᠰᠤᠷᠭᠠᠭᠤᠯᠢ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ᠂ ᠡᠳᠦᠷ ᠲᠤᠲᠤᠮ ᠤᠨ ᠰᠤᠷᠭᠠᠨ ᠬᠥᠮᠦᠵᠢᠯ ᠪᠣᠯᠣᠨ ᠲᠥᠪᠯᠡᠷᠡᠩᠭᠦᠢ ᠰᠤᠷᠭᠠᠨ | ᠬᠥᠮᠦᠵᠢᠯ ᠢ ᠤᠶᠠᠯᠳᠤᠭᠤᠯᠬᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠣᠨ ᠰᠦᠯᠵᠢᠶᠡᠨ ᠭᠠᠳᠠᠨᠠᠬᠢ | ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠶᠢᠨᠳᠣᠲᠣᠷᠠᠬᠢ ᠰᠤᠷᠭᠠᠨ ᠬᠥᠮᠦᠵᠢᠯ ᠪᠣᠯᠣᠨ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ | ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠦᠨᠳᠦᠰᠦᠨ ᠬᠠᠤᠯᠢ ᠶᠢᠨ ᠬᠥᠮᠦᠵᠢᠯ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠡᠳᠦᠷ ᠲᠤᠳᠤᠮ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠠᠵᠢᠯᠯᠠᠭ᠎ᠠ᠂ ᠬᠢᠴᠢᠶᠡᠯ ᠤᠨ | ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ | ᠦᠢᠯᠡᠳᠦᠯᠭᠡ ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃ |