︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ ᠢ ᠬᠡᠷᠡᠭᠵᠢᠭᠦᠯᠵᠦ ᠴᠢᠳᠠᠪᠤᠷᠢᠲᠠᠨ ᠤ ᠬᠥᠭᠵᠢᠯᠲᠡ ᠳᠤ ᠬᠠᠤᠯᠢ ᠶᠢᠨ ᠪᠠᠲᠤᠯᠠᠭ᠎ᠠ ᠬᠠᠩᠭᠠᠵᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠣᠯᠭᠤᠨ᠎ᠠ
ᠨᠡᠶᠢᠲᠡᠯᠡᠭᠰᠡᠨ ᠴᠠᠭ᠄
2024/5/28
    ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ  ᠬᠦᠴᠢᠷᠳᠡᠯ  ᠪᠠ  ᠲᠦᠭᠵᠢᠷᠡᠯ  ᠢ  ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠭᠠᠳ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃           ᠳᠤᠰ ︽ᠳᠦᠷᠢᠮ︾ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ᠂ ᠣᠷᠣᠭᠤᠯᠤᠨ ᠠᠪᠴᠢᠷᠠᠬᠤ᠂ ᠰᠢᠯᠵᠢᠭᠦᠯᠦᠨ ᠬᠡᠷᠡᠭᠯᠡᠬᠦ᠂ ᠦᠨᠡᠯᠡᠨ ᠤᠷᠮᠠᠰᠢᠭᠤᠯᠬᠤ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠣᠯᠣᠨ᠎ᠠ᠃           ᠵᠢᠯᠤᠭᠤᠳᠬᠤ ᠦᠵᠡᠯ ᠰᠠᠨᠠᠭ᠎ᠠ  ᠪᠠᠨ ᠲᠣᠳᠣᠷᠬᠠᠶᠢᠯᠠᠵᠤ᠂ ᠴᠢᠳᠠᠪᠤᠷᠢᠲᠠᠨ ᠤ ᠬᠥᠭᠵᠢᠯᠲᠡ  ᠶᠢᠨ ᠵᠥᠪ ᠴᠢᠭᠯᠡᠯ ᠢ ᠪᠠᠷᠢᠮᠲᠠᠯᠠᠨ᠎ᠠ᠃ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ᠃ ᠴᠢᠳᠠᠪᠤᠷᠢᠲᠠᠨ ᠢ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号