ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ  ᠪᠠᠷᠠᠭᠤᠨ ᠦᠵᠦᠮᠦᠴᠢᠨ ᠬᠤᠰᠢᠭᠤ᠄  ︽ᠦᠨᠳᠦᠰᠦᠲᠡᠨ ᠤ ᠪᠦᠯᠬᠦᠮᠳᠡᠯ +︾ ᠣᠨᠴᠠᠯᠢᠭᠲᠤ ᠨᠠᠷᠠᠲᠤ ᠲᠡᠮᠳᠡᠭᠲᠦ ᠶᠢ ᠰᠠᠶᠢᠲᠤᠷ ᠡᠭᠦᠳᠴᠦ ᠬᠠᠮᠤᠭ ᠤᠨ ᠦᠵᠡᠰᠬᠦᠯᠡᠩᠲᠦ ︽ᠢᠵᠢᠯ ᠲᠥᠪᠲᠦ ᠲᠣᠭᠤᠷᠢᠭ︾᠎ ᠢ ᠵᠢᠷᠤᠭ᠊
ᠨᠡᠶᠢᠲᠡᠯᠡᠭᠰᠡᠨ ᠴᠠᠭ᠄
2024/5/29
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂  ᠮᠥᠨ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠣᠨ᠎ᠠ᠃ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠎ ᠳᠤ᠂ ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠴᠠᠭ ᠦᠶ᠎ᠡ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠥᠨᠳᠥᠷ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠲᠠᠢ  ᠬᠠᠷᠢᠴᠠᠭᠤᠯᠤᠨ᠂ ᠰᠢᠨ᠎ᠡ ᠬᠠᠷᠠᠯᠲᠠ ᠡᠭᠦᠷᠭᠡ ᠶᠢ ᠲᠣᠳᠣᠷᠬᠠᠶᠢᠯᠠᠨ᠂ ︽ᠦᠨᠳᠦᠰᠦᠲᠡᠨ ᠤ ᠪᠦᠯᠬᠦᠮᠳᠡᠯ + ᠨᠠᠮ ᠤᠨ ᠪᠠᠶᠢᠭᠤᠯᠤᠯᠲᠠ︾ ︽ᠦᠨᠳᠦᠰᠦᠲᠡᠨ ᠎ ᠤ ᠪᠦᠯᠬᠦᠮᠳᠡᠯ + ᠪᠣᠯᠪᠠᠰᠤᠨ ᠤ ᠦᠢᠯᠡᠳᠦᠯᠭᠡ︾᠂ ︽ᠦᠨᠳᠦᠰᠦᠲᠡᠨ ᠤ ᠪᠦᠯᠬᠦᠮᠳᠡᠯ + ᠮᠠᠯᠴᠢᠳ ᠪᠠ ᠠᠵᠤ ᠠᠬᠤᠶᠢᠯᠠᠯ ᠬᠠᠮᠲᠤᠪᠠᠷ ᠪᠦᠲᠦᠭᠡᠨ ᠪᠠᠶᠢᠭᠤᠯᠬᠤ︾᠂ ︽ᠦᠨᠳᠦᠰᠦᠲᠡᠨ ᠤ ᠪᠦᠯᠬᠦᠮᠳᠡᠯ + ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾᠂ ︽ᠦᠨᠳᠦᠰᠦᠲᠡᠨ ᠤ ᠪᠦᠯᠬᠦᠮᠳᠡᠯ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠲᠠᠪᠤᠨ ᠶᠡᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠵᠤ ᠪᠣᠢ᠃      ︵ᠲᠠᠪᠤ︶ ︽ᠦᠨᠳᠦᠰᠦᠲᠡᠨ ᠤ ᠪᠦᠯᠬᠦᠮᠳᠡᠯ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾         ᠪᠠᠷᠠᠭᠤᠨ ᠦᠵᠦᠮᠦᠴᠢᠨ ᠬᠤᠰᠢᠭᠤ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠢ ᠬᠦᠴᠦᠯᠡᠨ ᠪᠠᠶᠢᠭᠤᠯᠵᠠᠢ᠃ 2023 ᠣᠨ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ 4000 ᠲᠦᠮᠡᠨ ᠲᠦᠭᠦᠷᠢᠭ ᠤᠨ ᠪᠡᠯᠡ ᠮᠥᠩᠭᠦ ᠵᠠᠷᠤᠴᠠᠭᠤᠯᠤᠨ᠂ 25 ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠡᠶᠡᠯᠡᠭᠦᠯᠬᠦ ᠠᠷᠭ᠎ᠠ ᠵᠠᠮ ᠪᠠ ᠴᠢᠬᠤᠯᠠ ᠠᠴᠢᠶᠠᠯᠠᠪᠤᠷᠢ ᠪᠣᠯᠭᠠᠭᠰᠠᠨ ᠪᠠᠶᠢᠨ᠎ᠠ᠃ ᠵᠠᠰᠠᠭ ᠤᠨ ᠶᠠᠪᠤᠳᠠᠯ ᠎ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠥᠷᠭᠡᠳᠬᠡᠬᠦ ᠶᠢ ᠠᠬᠢᠭᠤᠯᠵᠤ᠂ ᠪᠥᠬᠦ ᠬᠤᠰᠢᠭᠤᠨ ᠤ 7 ᠰᠤᠮᠤ ᠪᠠᠯᠭᠠᠰᠤ᠂ 100  ᠭᠠᠴᠠᠭᠠᠨ ︵ᠨᠡᠶᠢᠭᠡᠮ ᠲᠣᠭᠤᠷᠢᠭ︶᠎ ᠳᠤ ᠴᠥᠮ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠪᠠᠶᠢᠭᠤᠯᠤᠨ᠂ 107 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ112 ᠪᠣᠯᠭᠠᠨ ᠨᠡᠮᠡᠭᠳᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠦᠨᠡᠨᠬᠦ ᠨᠡᠪᠲᠡᠷᠡᠭᠦᠯᠪᠡ᠃     ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤ ᠨᠢ ᠪᠠᠰᠠ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠡᠭᠴᠡᠯᠡᠨ ᠵᠠᠰᠠᠬᠤ ᠢᠨᠵᠧᠨᠧᠷᠢᠩ︾᠎ ᠤᠨ ᠨᠡᠶᠢᠲᠡᠯᠢᠭ ᠲᠤᠷᠰᠢᠯᠭ᠎ᠠ ᠪᠠᠷ ᠲᠣᠯᠢ ᠪᠣᠯᠭᠠᠨ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ 2023 ᠣᠨ ᠳᠤ᠂ ᠪᠥᠬᠦ ᠬᠤᠰᠢᠭᠤᠨ ᠳᠤ 292 ᠡᠷᠦᠬᠡ ᠶᠢᠨ ᠵᠣᠷᠯᠣᠩ  ᠂ 5 ᠬᠤᠭ ᠨᠣᠪᠰᠢ ᠳᠠᠮᠵᠢᠭᠤᠯᠬᠤ ᠥᠷᠲᠡᠭᠡ᠂ 10 ᠬᠤᠭ ᠨᠣᠪᠰᠢ ᠬᠤᠷᠢᠶᠠᠬᠤ ᠴᠡᠭ ᠵᠢᠴᠢ 355.5 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠤᠰᠤ ᠴᠠᠬᠢᠯᠭᠠᠨ ᠵᠠᠮ ᠬᠠᠷᠢᠯᠴᠠᠭ᠎ᠠ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠰᠤᠮᠤ ᠪᠠᠯᠭᠠᠰᠤᠨ ᠤ ᠠᠮᠤᠷ  ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠪᠣᠯᠣᠨ ᠶᠡᠷᠦᠩᠬᠡᠶᠢᠯᠡᠨ ᠵᠠᠰᠠᠬᠤ ᠲᠥᠪ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号