| ᠪᠠᠶᠠᠨᠬᠤᠸᠠ ᠪᠠᠯᠭᠠᠰᠤᠨ ᠤ ᠡᠷᠳᠡᠨᠢᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ | ᠡᠮᠡᠭᠲᠡᠶᠢᠴᠦᠳ ᠢᠶᠠᠨ ᠵᠣᠬᠢᠶᠠᠨ ᠪᠠᠶᠢᠭᠤᠯᠵᠤ ᠲᠣᠭᠤᠷᠢᠨ ᠰᠤᠷᠤᠯᠴᠠᠪᠠ᠃ | ᠲᠡᠳᠡ ᠤᠯᠠᠭᠠᠨᠬᠠᠭᠠᠯᠭ᠎ᠠ ᠰᠤᠮᠤᠨ ᠤ ᠡᠷᠬᠡᠲᠦ ᠣᠪᠣᠭ᠎ᠠ ᠭᠠᠴᠠᠭᠠᠨ ᠤ ᠮᠠᠯᠴᠢᠨ ᠴᠣᠭᠪᠠᠳᠠᠷᠠᠬᠤ᠂ | ᠰᠠᠷᠠᠨᠲᠤᠩᠭᠠᠯᠠᠭ ᠤᠨ ︽ᠬᠠᠯᠢᠭᠤᠨ ᠭᠡᠷ ᠪᠦᠯᠢ ᠶᠢᠨ ᠮᠠᠯᠵᠢᠯ ᠤᠨ ᠲᠠᠯᠠᠪᠡᠢ︾ ᠳᠤ ᠬᠦᠷᠴᠦ ᠲᠡᠳᠡᠨ ᠤ ᠮᠠᠯ | ᠰᠦᠷᠦᠭ ᠤᠨ ᠡᠭᠦᠯᠳᠡᠷ ᠰᠠᠶᠢᠵᠢᠷᠠᠭᠤᠯᠤᠭᠰᠠᠨ ᠪᠠᠶᠢᠳᠠᠯ ᠪᠣᠯᠣᠨ ᠰᠦ ᠰᠠᠭᠠᠯᠢ ᠪᠠᠨ ᠲᠠᠸᠠᠷᠵᠢᠭᠤᠯᠤᠨ | ᠪᠤᠯᠪᠠᠰᠤᠷᠠᠭᠤᠯᠵᠤ ᠤᠷᠤᠯᠭ᠎ᠠ ᠪᠠᠨ ᠨᠡᠮᠡᠭᠳᠡᠭᠦᠯᠵᠦ ᠪᠠᠶᠢᠭ᠎ᠠ ᠪᠠᠶᠢᠳᠠᠯ ᠢ ᠣᠶᠢᠯᠠᠭᠠᠭᠰᠠᠨ ᠪᠥᠭᠡᠳ ᠪᠠᠯᠭᠠᠷᠭᠤᠣᠯ | ᠪᠠᠯᠭᠠᠰᠤᠨ ᠤ ︽ᠠᠷᠢᠭᠤᠨ ᠰᠠᠭᠠᠯᠢ ᠶᠢᠨ ᠦᠢᠯᠡᠳᠪᠦᠷᠢ ︾ ᠪᠠᠷ ᠲᠣᠭᠤᠷᠢᠨ ᠦᠵᠡᠵᠦ ᠤᠯᠠᠮᠵᠢᠯᠠᠯᠲᠤ ᠰᠦ᠋ ᠴᠠᠭᠠᠨ | ᠢᠳᠡᠭᠡᠨ ᠢ ᠣᠳᠣ ᠦᠶ᠎ᠡ ᠶᠢᠨ ᠵᠠᠬ᠎ᠠ ᠳᠡᠯᠭᠡᠭᠦᠷ ᠲᠠᠢ ᠬᠡᠷᠬᠢᠨ ᠵᠣᠬᠢᠴᠠᠭᠤᠯᠵᠤ᠂ ᠬᠡᠷᠡᠭᠯᠡᠭᠴᠢᠳ ᠲᠤ ᠲᠠᠨᠢᠭᠤᠯᠵᠤ | ᠪᠠᠶᠢᠭ᠎ᠠ ᠲᠠᠯ᠎ᠠ ᠪᠠᠷ ᠭᠤᠣᠯᠴᠢᠯᠠᠨ ᠣᠶᠢᠯᠠᠭᠠᠵᠤ ᠰᠤᠷᠤᠯᠴᠠᠭᠰᠠᠨ ᠪᠠᠶᠢᠨ᠎ᠠ᠃ | ᠲᠡᠳᠡ ᠪᠠᠰᠠ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤᠨ ᠤ ᠮᠠᠯᠴᠢᠨ᠂ ᠠᠷᠰᠯᠠᠨ ᠪᠠᠲᠤᠵᠢᠷᠭᠠᠯ ᠤᠨ ᠳᠤ | ᠬᠦᠷᠴᠦ ᠭᠠᠳᠠᠭᠠᠳᠤ ᠶᠢᠨ ᠰᠢᠯᠢᠳᠡᠭ ᠡᠭᠦᠯᠳᠡᠷ ᠤᠨ ᠦᠬᠡᠷ ᠢ ᠦᠵᠦᠮᠦᠴᠢᠨ ᠨᠤᠲᠤᠭ ᠤᠨ ᠪᠠᠶᠢᠭᠠᠯᠢᠯᠢᠭ | ᠪᠡᠯᠴᠢᠭᠡᠷ ᠲᠤ ᠢᠳᠡᠭᠡᠰᠢᠭᠦᠯᠦᠨ ᠮᠠᠯᠵᠢᠵᠤ ᠪᠠᠶᠢᠭ᠎ᠠ ᠵᠢᠴᠢ᠂ ᠪᠡᠯᠴᠢᠭᠡᠷᠯᠡᠭᠦᠯᠬᠦ ᠪᠣᠯᠣᠨ ᠪᠣᠷᠳᠣᠨ ᠲᠡᠵᠢᠭᠡᠬᠦ ᠶᠢ | ᠤᠶᠠᠯᠳᠤᠭᠤᠯᠵᠤ ᠪᠠᠶᠢᠬᠤ ᠪᠠᠶᠢᠳᠠᠯ ᠪᠣᠯᠣᠨ ᠮᠠᠯ ᠤᠨ ᠭᠠᠷᠭᠠᠯᠲᠠ ᠶᠢᠨ ᠬᠢᠨᠢ ᠲᠠᠯ᠎ᠠ ᠪᠠᠷ ᠠᠰᠠᠭᠤᠨ ᠣᠶᠢᠯᠠᠭᠠᠵᠤ | ᠲᠣᠭᠤᠷᠢᠨ ᠦᠵᠡᠭᠰᠡᠨ ᠪᠠᠶᠢᠨ᠎ᠠ᠃ | ᠲᠣᠭᠤᠷᠢᠨ ᠰᠤᠷᠤᠯᠴᠠᠬᠤ ᠪᠠᠷ ᠲᠠᠮᠵᠢᠨ ᠮᠠᠯᠴᠢᠨ ᠪᠦᠰᠡᠭᠦ᠋ᠢᠴᠤᠤᠳ ᠨᠢ ᠡᠳᠦᠷ ᠲᠤᠲᠤᠮ ᠤᠨ ᠠᠮᠢᠳᠤᠷᠠᠯ ᠤᠨ | ᠭᠠᠷ ᠦᠢᠯᠡᠳᠪᠦᠷᠢᠯᠡᠯ ᠤᠨ ᠪᠦᠲᠦᠭᠡᠭᠳᠡᠬᠦᠨ ᠢᠶᠠᠨ ᠲᠠᠸᠠᠷᠴᠢᠯᠠᠬᠤ᠂ ᠵᠠᠭ᠎ᠠ ᠳᠡᠯᠭᠡᠭᠦᠷᠴᠢᠯᠡᠬᠦ᠂ ᠮᠠᠯ ᠰᠦᠷᠦᠭ ᠤᠨ | ᠪᠦᠲᠦᠴᠡ ᠪᠠᠨ ᠬᠤᠪᠢᠷᠠᠭᠤᠯᠤᠨ ᠴᠥᠭᠡᠨ ᠮᠠᠯ ᠠᠴᠠ ᠢᠯᠡᠭᠦᠦ ᠤᠷᠤᠯᠭ᠎ᠠ ᠡᠭᠦᠳᠬᠦ ᠵᠡᠷᠭᠡ ᠲᠠᠯ᠎ᠠ ᠪᠠᠷ ᠵᠣᠬᠢᠬᠤ | ᠣᠶᠢᠯᠠᠭᠠᠯᠲᠠ ᠰᠡᠩᠬᠡᠷᠡᠭᠦᠯᠦᠯ ᠣᠯᠣᠭᠰᠠᠨ ᠪᠠᠶᠢᠨ᠎ᠠ᠃ |