ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠵᠢᠷᠭᠤᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/29
       5 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠵᠢᠷᠭᠤᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ 5 ᠳ᠋ᠤᠭᠠᠷ ᠰᠠᠷ᠎ᠠ ᠶᠢᠨ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠤᠨ ᠠᠬᠢᠴᠠ ᠶᠢ ᠨᠡᠶᠢᠲᠡᠯᠡᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃      ᠶᠣᠣ ᠬᠤᠩ ᠭᠠᠩ ᠵᠢᠭᠠᠬᠤ ᠳᠠᠭᠠᠨ᠂ ᠮᠠᠨ ᠤ ᠬᠤᠰᠢᠭᠤᠨ ᠤ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠪᠣᠯᠵᠤ ᠪᠠᠶᠢᠨ᠎ᠠ᠂ ᠪᠠᠷᠢᠯᠭ᠎ᠠ ᠶᠢᠨ ᠠᠵᠢᠯ ᠦᠢᠯᠡᠳᠪᠦᠷᠢᠯᠡᠯ ᠰᠡᠷᠭᠦᠭᠡᠬᠦ᠂ ᠠᠭᠠᠷ ᠤᠨ ᠳᠤᠯᠠᠭᠠᠨ ᠳᠡᠭᠡᠭᠰᠢᠯᠡᠬᠦ᠂ ᠬᠤᠷ᠎ᠠ ᠲᠤᠨᠤᠳᠠᠰᠤ ᠨᠡᠮᠡᠭᠳᠡᠬᠦ ᠵᠡᠷᠭᠡ ᠲᠠᠯ᠎ᠠ ᠶᠢᠨ ᠨᠥᠯᠥᠭᠡ ᠪᠠᠷ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠴᠤ ᠳᠠᠭᠠᠯᠳᠤᠨ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠯᠲᠠ ᠪᠠ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠪᠠᠲᠤᠳᠬᠠᠨ ᠪᠠᠶᠢᠭᠤᠯᠵᠤ᠂ ᠡᠷᠡᠰ ᠴᠢᠩᠭ᠎ᠠ ᠣᠪᠣᠷ᠂ ᠪᠣᠳᠠᠲᠠᠢ ᠶᠢ ᠡᠷᠬᠢᠮᠯᠡᠬᠦ ᠰᠤᠷᠲᠠᠯ᠂ ᠬᠦᠴᠦᠲᠡᠢ ᠠᠷᠭ᠎ᠠ ᠬᠡᠮᠵᠢᠶ᠎ᠡ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ ᠭᠡᠵᠡᠢ᠃      ᠶᠣᠣ ᠬᠤᠩ ᠭᠠᠩ ᠵᠢᠭᠠᠬᠤ ᠳᠠᠭᠠᠨ᠂ ᠡᠯ᠎ᠡ ᠰᠤᠮᠤ ᠪᠠᠯᠭᠠᠰᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠣᠰ ᠨᠢᠭᠡᠴᠡ ᠶᠢᠨ  ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠶᠤᠯᠭᠦᠢ ᠦᠢᠯᠡᠳᠪᠦᠷᠢᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ  ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠭᠤᠷᠪᠠᠳᠠᠭᠢ ᠪᠠᠶᠢᠭᠤᠯᠤᠮᠵᠢ ᠶᠢ ᠰᠣᠩᠭᠤᠬᠤ ᠪᠠ ᠬᠠᠮᠢᠶᠠᠷᠬᠤ ᠵᠡᠷᠭᠡ ᠭᠤᠣᠯᠳᠠᠯᠭ᠎ᠠ ᠲᠠᠢ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠶᠢᠮᠠᠭ ᠤᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠪᠢᠶᠠᠷᠢ ᠲᠥᠰᠥᠯ ᠲᠠᠢ ᠴᠢᠩᠭ᠎ᠠ ᠬᠠᠷᠢᠴᠠᠭᠤᠯᠤᠨ ᠳᠤᠲᠠᠭᠳᠠᠯ ᠢ ᠪᠠᠶᠢᠴᠠᠭᠠᠨ ᠨᠥᠬᠦᠪᠦᠷᠢᠯᠡᠵᠦ᠂ ᠡᠭᠦᠷᠭᠡ ᠶᠢᠨ ᠨᠠᠷᠢᠨ ᠲᠠᠩᠰᠠ ᠪᠠᠶᠢᠭᠤᠯᠤᠨ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠡᠭᠦᠷᠭᠡ ᠪᠠᠨ ᠲᠥᠯᠥᠪᠯᠡᠭᠡ ᠶᠣᠰᠣᠭᠠᠷ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ 6 ᠰᠠᠷ᠎ᠠ ᠶᠢᠨ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠢ ᠤᠬᠠᠭᠤᠯᠭ᠎ᠠ ᠬᠥᠮᠦᠵᠢᠯ ᠪᠣᠯᠣᠨ ᠰᠣᠷᠢᠯᠲᠠ ᠶᠢᠨ ᠠᠵᠢᠯ ᠢ ᠪᠦᠲᠦᠮᠵᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠳᠤ ᠠᠮᠢ ᠨᠠᠰᠤ ᠶᠢ ᠬᠠᠶᠢᠷᠠᠯᠠᠬᠤ᠂ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃       ᠬᠤᠷᠠᠯ ᠳᠤ᠂ ᠬᠤᠷᠠᠯ ᠳᠤ ᠣᠷᠣᠯᠴᠠᠭᠰᠠᠨ ᠡᠯ᠎ᠡ ᠬᠤᠪᠢᠳᠠᠨ ᠬᠠᠮᠢᠶᠠᠷᠬᠤ ᠬᠤᠰᠢᠭᠤ ᠳᠡᠳ᠋ ᠳᠠᠷᠤᠭ᠎ᠠ ᠠᠴᠠ ᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ  ᠪᠥᠬᠦ ᠬᠤᠰᠢᠭᠤᠨ ᠤ 5 ᠳ᠋ᠤᠭᠠᠷ ᠰᠠᠷ᠎ᠠ ᠶᠢᠨ  ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠪᠡ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号