ᠬᠤᠭᠤᠯᠠᠳᠤ ᠶᠢᠨ ᠭᠤᠣᠯ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠢᠪᠡ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 27 ᠎ ᠤ ᠡᠳᠦᠷ᠂ ᠬᠤᠭᠤᠯᠠᠳᠤ ᠶᠢᠨ ᠭᠤᠣᠯ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠢᠵᠦ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠢᠴᠢ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠢ ᠪᠠᠯᠭᠠᠰᠤᠨ ᠳᠠᠷᠤᠭ᠎ᠠ ᠵᠢᠪᠬᠤᠯᠠᠩ ᠨᠥᠬᠦᠷ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ᠂ ᠡᠯ᠎ᠡ ᠠᠯᠪᠠᠨ ᠭᠡᠷ᠂ ᠲᠥᠪ᠂ ᠲᠣᠪᠴᠢᠶ᠎ᠠ ᠶᠢᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃     ᠬᠤᠷᠠᠯ ᠠᠴᠠ᠂ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ ᠪᠠᠶᠢᠬᠤ ᠶᠢ ᠭᠦᠨᠵᠡᠭᠡᠢ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠴᠠᠭ ᠢᠮᠠᠭᠲᠠ ᠰᠡᠷᠡᠮᠵᠢ ᠲᠠᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠣᠯᠣᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠡᠰ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠶᠢᠨ ᠶᠤᠸᠠᠨ ᠠᠭᠤᠷᠬᠠᠢ ᠶᠢᠨ ᠦᠢᠯᠡᠰ ᠤᠨ ︽5.24︾᠎ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠵᠠᠷ ᠴᠥᠮᠥᠷᠡᠭᠰᠡᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠡᠳᠦᠷ ᠲᠤᠳᠤᠮ ᠤᠨ ᠰᠡᠷᠡᠮᠵᠢᠯᠡᠭᠦᠯᠬᠦ ᠬᠥᠮᠦᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠢ ᠬᠤᠷᠢᠭᠯᠠᠵᠤ᠂ ᠠᠮᠤᠷ ᠲᠦᠪᠰᠢᠨ ᠤ ᠭᠡᠮ ᠰᠣᠭᠤᠭ ᠢ ᠴᠤᠬᠤᠶᠢᠬᠤ ᠳᠤᠨᠢ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠭᠤᠣᠯ ᠰᠡᠳᠦᠪ ᠢ ᠦᠨᠳᠦᠰᠦᠯᠡᠨ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠭᠤᠣᠯᠳᠠᠯᠭ᠎ᠠ ᠪᠣᠯᠭᠠᠨ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠶᠤᠯᠭᠦᠢ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠵᠤ᠂ ᠤᠯᠠᠨ ᠲᠦᠮᠡᠨ ᠤ ᠠᠶᠤᠯᠭᠦᠢ ᠶᠢᠨ ᠬᠡᠪ ᠴᠢᠨᠠᠷ ᠪᠠ ᠪᠦᠬᠦᠯᠢ ᠴᠣᠭᠴᠠ ᠶᠢᠨ ᠠᠶᠤᠯᠭᠦᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ᠃ ᠳᠥᠷᠪᠡ ᠳᠤ᠂ ᠦᠶᠡᠷ ᠢ ᠰᠡᠷᠭᠡᠶᠢᠯᠡᠬᠦ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠥᠷᠨᠢᠭᠦᠯᠵᠦ᠂ ᠰᠢᠷᠦᠭᠦᠨ ᠪᠣᠷᠣᠭᠠᠨ᠂ ᠰᠠᠯᠬᠢᠨ ᠮᠥᠨᠳᠥᠷ ᠵᠡᠷᠭᠡ ᠣᠨᠴᠠᠭᠠᠢ ᠴᠠᠭ ᠠᠭᠤᠷ ᠤᠨ ᠰᠡᠷᠡᠮᠵᠢᠯᠡᠭᠦᠯᠦᠯ ᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠵᠦ᠂ ᠪᠠᠴᠢᠮ ᠪᠠᠶᠢᠳᠠᠯ ᠢ ᠴᠠᠭ ᠢᠮᠠᠭᠲᠠ ᠪᠠᠲᠤᠯᠠᠵᠤ᠂ ᠭᠡᠨᠡᠳᠲᠡ ᠶᠢᠨ ᠪᠠᠴᠢᠮ ᠬᠡᠷᠡᠭ ᠢ ᠰᠢᠨᠵᠢᠯᠡᠬᠦ ᠤᠬᠠᠭᠠᠨᠴᠢ ᠪᠠᠷ ᠠᠷᠭᠠᠴᠠᠨ ᠰᠢᠢᠳᠪᠦᠷᠢᠯᠡᠵᠦ᠂ 24 ᠴᠠᠭ ᠢᠶᠠᠷ ᠵᠢᠵᠢᠭᠦᠷᠯᠡᠬᠦ ᠳᠦᠷᠢᠮ᠂ ᠤᠳᠤᠷᠢᠳᠤᠯᠭ᠎ᠠ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠴᠤᠭᠯᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠳᠤ ᠴᠤᠤᠷᠢᠶᠠᠲᠤᠨ ᠲᠠᠭᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠳᠦᠷᠢᠮ ᠢ ᠭᠦᠢᠴᠡᠳᠬᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号