ᠠᠶᠢᠮᠠᠭ ᠤᠨ  ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠨ ᠮᠠᠨ ᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ  ᠬᠦᠨᠵᠡᠭᠡᠶᠢᠷᠡᠨ ᠰᠤᠷᠤᠭᠴᠢᠳ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2024/5/30
                                                5 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠢᠯᠢ ᠶᠢᠨ ᠭᠤᠣᠯ ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ  ᠪᠠᠶᠢᠩᠭᠤ ᠶᠢᠨ ᠳᠡᠳ᠋ ᠡᠷᠬᠢᠯᠡᠭᠴᠢ ᠣᠶᠤᠨᠴᠢᠮᠡᠭ ᠨᠠᠷ  ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠳᠤ  ᠬᠦᠨᠵᠡᠭᠡᠶᠢᠷᠡᠨ  ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ   ᠤᠨ ᠥᠪᠥᠷ ᠮᠣᠩᠭᠤᠯ ᠤᠨ ᠵᠢᠷᠠ ᠶᠢᠰᠦᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾ ᠶᠢᠨ ᠰᠤᠷᠤᠭᠴᠢᠳ ᠢ ᠲᠣᠬᠤᠨᠢᠭᠤᠯᠬᠤ ᠠᠵᠢᠯᠯᠠᠭ᠎ᠠ  ᠦᠷᠨᠢᠭᠦᠯᠪᠡ᠃
        ᠠᠵᠢᠯᠯᠠᠭᠠᠨ ᠳᠤ᠂ ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ  ᠪᠠᠶᠢᠩᠭᠤ ᠶᠢᠨ ᠳᠡᠳ᠋ ᠡᠷᠬᠢᠯᠡᠭᠴᠢ ᠣᠶᠤᠨᠴᠢᠮᠡᠭ ᠶᠠᠷᠢᠶ᠎ᠠ  ᠲᠠᠯᠪᠢᠵᠤ᠂ ᠰᠤᠷᠤᠭᠴᠢᠳ ᠢ  ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠂ ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ ᠤᠨ ᠥᠪᠥᠷ ᠮᠣᠩᠭᠤᠯ ᠤᠨ ᠵᠢᠷᠠ ᠶᠢᠰᠦᠨ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠤᠭᠴᠢᠳ ᠤᠨ ᠰᠠᠶᠢᠲᠤᠷ ᠰᠤᠷᠤᠯᠴᠠᠵᠤ ᠡᠳᠦᠷ ᠠᠴᠠ ᠡᠳᠦᠷ ᠥᠭᠡᠳᠡᠯᠡᠨ ᠳᠠᠪᠰᠢᠬᠤ  ᠶᠢ  ᠵᠦᠩᠨᠡᠭᠰᠡᠨ ᠪᠠᠶᠢᠨ᠎ᠠ᠃
        ᠳᠠᠷᠠᠭ᠎ᠠ ᠨᠢ ᠤᠳᠤᠷᠢᠳᠤᠯᠭ᠎ᠠ ᠨᠠᠷ   ᠠᠴᠠ︽ᠳᠤᠮᠳᠠᠳᠤ ᠤᠯᠤᠰ ᠤᠨ ᠰᠡᠬᠡᠭᠡᠲᠡᠨ ᠵᠠᠯᠠᠭᠤᠴᠤᠳ ᠤᠨ ᠥᠪᠥᠷ ᠮᠣᠩᠭᠤᠯ ᠤᠨ ᠵᠢᠷᠠ ᠶᠢᠰᠦᠳᠦᠭᠡᠷ ᠦᠷᠡᠭᠳᠡᠭᠰᠡᠨ ᠪᠠᠭᠠᠲᠤᠷᠴᠤᠳ ᠤᠨ ᠳᠤᠮᠳᠠ ᠠᠩᠭᠢ︾ ᠶᠢᠨ ᠪᠥᠬᠦ ᠰᠤᠷᠤᠭᠴᠢᠳ ᠲᠤ ᠪᠠᠶᠠᠷ ᠤᠨ ᠡᠳᠦᠷ ᠤᠨ ᠵᠥᠩᠨᠡᠯ ᠤᠷᠢᠳᠴᠢᠯᠠᠨ  ᠳᠡᠪᠰᠢᠭᠦᠯᠵᠦ᠂  ᠲᠤᠬᠤᠨᠢᠭᠤᠯᠭ᠎ᠠ ᠶᠢᠨ  ᠪᠣᠳᠠᠰ ᠭᠠᠷᠳᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号