ᠪᠠᠷᠠᠭᠤᠨ ᠦᠵᠦᠮᠦᠴᠢᠨ ᠬᠤᠰᠢᠭᠤ ᠨᠠᠮ ᠤᠨ ᠰᠤᠷᠭᠠᠭᠤᠯᠢ ᠵᠢᠨ‌ᠦᠢᠯᠡᠳᠦᠯ ᠢ ᠰᠠᠶᠢᠲᠤᠷ ᠪᠠᠳᠠᠷᠠᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠦᠨ᠎ᠡ
ᠨᠡᠶᠢᠲᠡᠯᠡᠭᠰᠡᠨ ᠴᠠᠭ᠄
2024/5/30
                       ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ ᠬᠥᠮᠦᠵᠢᠯ ᠪᠣᠯᠪᠠᠰᠤᠷᠠᠯ ᠤᠨ ︽ᠭᠤᠣᠯ ᠹᠷᠦᠨᠲ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠭᠰᠢ ᠶᠢᠨ  ᠡᠩᠨᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠪᠣᠯᠪᠠᠰᠤᠷᠠᠯ ᠤᠨ ᠬᠡᠯᠪᠡᠷᠢ  ᠶᠢ ᠪᠠᠶᠠᠯᠢᠭᠵᠢᠭᠤᠯᠵᠤ᠂  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠭᠤᠣᠯ ᠬᠦᠴᠦᠨ ᠪᠣᠯᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠰᠠᠭᠤᠷᠢ‌‍ᠶᠢ ᠲᠠᠯᠪᠢᠵᠤ ᠪᠣᠢ᠃     ᠪᠤᠰᠤᠳ ᠢ ᠬᠥᠮᠥᠵᠢᠭᠦᠯᠬᠦ ᠳᠤ ᠥᠪᠡᠷ ᠢᠶᠠᠨ ᠤᠷᠢᠳᠠᠪᠠᠷ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤᠮᠳᠠ ᠤᠷᠢᠳᠴᠢᠯᠠᠨ ᠭᠦᠨᠵᠡᠭᠡᠢ ᠰᠤᠷᠤᠯᠴᠠᠬᠤ ᠶᠢ ᠪᠡᠶᠡᠯᠡᠭᠦᠯᠦᠨ᠎ᠡ     ᠨᠠᠮ ᠤᠨ ᠰᠤᠷᠭᠠᠭᠤᠯᠢ ᠶᠢᠨ ᠪᠠᠭᠰᠢ ᠶᠢᠨ ᠬᠢᠴᠢᠶᠡᠯᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠪᠣᠯᠪᠠᠰᠤᠷᠠᠯ᠂ ᠬᠤᠪᠢ ᠬᠥᠮᠥᠨ ᠥᠪᠡᠷᠲᠡᠭᠡᠨ ᠰᠤᠷᠤᠯᠴᠠᠬᠤ᠂ ᠰᠣᠯᠢᠯᠴᠠᠨ ᠶᠠᠷᠢᠯᠴᠠᠬᠤ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠨᠠᠷ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢᠶᠠᠷ ᠭᠤᠣᠯᠳᠠᠯᠭ᠎ᠠ ᠪᠣᠯᠭᠠᠨ ᠲᠦᠪᠯᠡᠷᠡᠩᠭᠦᠢ ᠪᠠᠷ ᠬᠢᠴᠢᠶᠡᠯ ᠪᠡᠯᠡᠳᠬᠡᠪᠡ᠃ ᠬᠢᠴᠢᠶᠡᠯ ᠪᠡᠯᠡᠳᠬᠡᠬᠦ ᠳᠤ ᠣᠷᠣᠯᠴᠠᠭᠰᠠᠨ ᠪᠦᠬᠦ ᠪᠠᠭᠰᠢ ᠨᠠᠷ ᠡᠷᠬᠡ ᠰᠦᠷᠲᠦ ᠵᠠᠭᠤᠴᠢᠯᠠᠭᠤᠷ ᠢᠶᠠᠷ ᠨᠡᠶᠢᠲᠡᠯᠡᠭᠰᠡᠨ ᠲᠠᠶᠢᠯᠪᠤᠷᠢᠯᠠᠯᠲᠠ ᠶᠢᠨ ᠵᠣᠬᠢᠶᠠᠯ ᠢ ᠰᠠᠶᠢᠲᠤᠷ ᠬᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠨᠤᠭᠤᠳ ᠢ ᠲᠠᠭᠠᠨ ᠰᠤᠷᠤᠯᠴᠠᠵᠤ᠂ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠱᠠᠭᠠᠷᠳᠠᠯᠭ᠎ᠠ ᠶᠢ ᠨᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ ᠶᠢᠨ ᠬᠠᠮᠲᠤ  ᠬᠢᠴᠢᠶᠡᠯ ᠵᠢᠭᠠᠬᠤ ᠰᠡᠳᠬᠢᠮᠵᠢ ᠪᠣᠯᠣᠨ ᠬᠢᠴᠢᠶᠡᠯ ᠪᠡᠯᠡᠳᠬᠡᠬᠦ ᠰᠠᠨᠠᠭᠤᠯᠭ᠎ᠠ ᠳᠤᠷᠠᠳᠴᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠪᠠᠲᠤᠳᠬᠠᠵᠠᠢ᠃ ᠡᠭᠦᠨ ᠤ ᠬᠠᠮᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ᠂ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠦᠮᠦᠰ ᠲᠤ ᠣᠶᠢᠯᠠᠭᠠᠭᠤᠯᠤᠨ ᠡᠵᠡᠮᠰᠢᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠵᠦᠢᠯ ᠵᠤᠷᠪᠤᠰ ᠤᠨ ᠯᠣᠭᠢᠭ ᠴᠢᠨᠠᠷ ᠪᠣᠯᠣᠨ ᠪᠣᠳᠠᠲᠤ ᠬᠠᠨᠳᠤᠯᠭᠠᠲᠤ ᠴᠢᠨᠠᠷ ᠢ ᠭᠦᠨᠵᠡᠭᠡᠢ ᠮᠥᠷᠲᠡᠭᠡᠨ ᠣᠶᠢᠯᠠᠭᠠᠮᠵᠢᠲᠠᠢ ᠲᠠᠶᠢᠯᠪᠤᠷᠢᠯᠠᠬᠤ ᠶᠢ ᠴᠢᠬᠤᠯᠠᠴᠢᠯᠠᠵᠤ᠂ ᠬᠢᠴᠢᠶᠡᠯ ᠤᠨ ᠪᠠᠶᠢᠷᠢᠯᠠᠭᠤᠯᠤᠯᠲᠠ ᠶᠢ ᠤᠯᠠᠮ ᠰᠢᠯᠢᠳᠡᠭᠵᠢᠭᠦᠯᠵᠦ᠂ ᠪᠠᠭᠰᠢ ᠶᠢᠨ ᠬᠦᠴᠦᠨ ᠢ ᠴᠢᠩᠭᠠᠳᠬᠠᠨ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠰᠤᠷᠭᠠᠭᠤᠯᠢ ᠶᠢᠨ ᠣᠨᠴᠠᠯᠢᠭ ᠲᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ᠂ ᠠᠯᠪᠠᠳᠠᠨ ᠤ ᠪᠣᠯᠪᠠᠰᠤᠷᠠᠯ᠂ ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠤᠨ ᠪᠣᠯᠪᠠᠰᠤᠷᠠᠯ᠂ ᠰᠢᠨ᠎ᠡ ᠪᠠᠷ ᠡᠯᠰᠡᠭᠰᠡᠨ ᠨᠠᠮ ᠤᠨ ᠭᠡᠰᠢᠭᠦᠨ ᠤ ᠪᠣᠯᠪᠠᠰᠤᠷᠠᠯ᠂ ᠵᠠᠯᠠᠭᠤ ᠺᠠᠳ᠋ᠷᠴᠤᠳ ᠤᠨ ᠪᠣᠯᠪᠠᠰᠤᠷᠠᠯ᠂ ᠨᠢᠭᠡᠳᠦᠮᠡᠯ ᠹᠷᠣᠨᠲ ᠤᠨ ᠭᠡᠰᠢᠭᠦᠳ ᠤᠨ ᠪᠣᠯᠪᠠᠰᠤᠷᠠᠯ ᠢ 8 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠥᠯᠥᠪᠯᠡᠵᠦ᠂ ᠨᠠᠮ ᠤᠨ ᠰᠤᠷᠭᠠᠭᠤᠯᠢ ᠶᠢᠨ ᠪᠠᠭᠰᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠠᠬᠢ ᠠᠬᠢᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠥᠵᠢᠭᠦᠯᠦᠨ ᠪᠣᠯᠪᠠᠰᠤᠷᠠᠭᠤᠯᠬᠤ ᠪᠠ ᠤᠬᠠᠭᠤᠯᠤᠨ  ᠲᠠᠶᠢᠯᠪᠤᠷᠢᠯᠠᠬᠤ ᠡᠭᠦᠷᠭᠡ ᠪᠠᠨ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ   ᠦᠷᠭᠦᠯᠵᠢᠯᠡᠨ ᠠᠬᠢᠭᠤᠯᠵᠤ ᠪᠣᠢ᠃     ︽ᠭᠤᠣᠯ ᠹᠷᠦᠨᠲ︾ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠭᠤᠣᠯ ᠬᠦᠴᠦᠨ ᠪᠣᠯᠣᠨ᠎ᠠ      ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ᠪᠦᠬᠦ ᠬᠤᠰᠢᠭᠤᠨ ᠤ ︽ᠠᠯᠲᠠᠨ ᠬᠠᠶᠢᠷᠠᠭᠤᠴᠠᠢ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠲᠥᠯᠥᠪᠯᠡᠭᠡ ᠶᠢ ᠲᠣᠭᠲᠠᠭᠠᠵᠤ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠬᠢᠴᠢᠶᠡᠯ ᠲᠣᠬᠢᠷᠠᠭᠤᠯᠵᠤ᠂ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠲᠣᠭᠤᠷᠢᠨ ᠰᠤᠷᠤᠯᠴᠠᠭᠤᠯᠵᠤ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ᠂ ᠬᠡᠷᠡᠭ ᠤᠨ ᠵᠢᠱᠢᠶ᠎ᠡ ᠪᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠤᠷᠢᠳᠴᠢᠯᠠᠨ ᠪᠣᠯᠵᠤᠵᠤ ᠬᠢᠴᠢᠶᠡᠯᠯᠡᠬᠦ᠂ ᠭᠡᠷ ᠲᠤᠨᠢ ᠬᠦᠷᠴᠦ ᠲᠠᠶᠢᠯᠪᠤᠷᠢᠯᠠᠬᠤ᠂ ᠭᠤᠣᠯ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ᠂ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠵᠡᠷᠭᠡ ᠡᠯ᠎ᠡ ᠬᠦᠷᠢᠶ᠎ᠡ ᠴᠠᠷᠠᠭ᠎ᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠥᠷᠨᠢᠭᠦᠯᠵᠦ᠂ ᠬᠥᠮᠦᠵᠢᠯ ᠪᠣᠯᠪᠠᠰᠤᠷᠠᠯ ᠤᠨ ᠴᠢᠭᠯᠡᠯᠲᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠵᠢᠯ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ ᠬᠤᠶᠠᠷ ᠶᠡᠭᠡ ᠶᠠᠪᠤᠳᠠᠯ ᠢ ᠰᠠᠶᠢᠲᠤᠷ ᠪᠦᠲᠦᠭᠡᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠲᠠᠢ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ     ᠬᠥᠮᠦᠵᠢᠯ᠂ ᠨᠠᠮᠴᠢ ᠴᠢᠨᠠᠷ ᠤᠨ ᠬᠥᠮᠦᠵᠢᠯ᠂ ᠠᠷᠢᠭᠤᠨ ᠴᠢᠬᠡᠴᠢ ᠰᠣᠶᠣᠯ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠢᠭᠡ ᠪᠦᠯᠦᠭ ᠤᠨᠤᠯ ᠤᠨ ᠰᠤᠳᠤᠯᠭᠠᠨ ᠤ ᠦᠷ᠎ᠡ ᠪᠦᠲᠦᠭᠡᠯ ᠢ ᠬᠦᠴᠦᠯᠡᠨ ᠪᠤᠢ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾  ᠤᠨ ᠤᠬᠠᠭᠤᠯᠭ᠎ᠠ ᠲᠠᠶᠢᠯᠪᠤᠷᠢᠯᠠᠯᠲᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ  ᠬᠤᠷᠢᠶᠠᠨ ᠤ ᠨᠠᠮ  ᠤᠨ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠳᠡᠳ᠋ ᠵᠠᠬᠢᠷᠤᠯ ᠭᠡᠷᠡᠯᠲᠦ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ‍ᠤᠨ‌ᠬᠤᠷᠢᠶᠠᠨ ᠤ ᠨᠠᠮ ᠤᠨ ᠰᠤᠷᠭᠠᠭᠤᠯᠢ ᠨᠢ ᠬᠥᠮᠦᠵᠢᠯ ᠪᠣᠯᠪᠠᠰᠤᠷᠠᠯ ᠤᠨ ︽ᠭᠤᠣᠯ ᠹᠷᠦᠨᠲ︾ ᠪᠣᠯᠣᠨ ᠨᠠᠮ ᠤᠨ ᠰᠤᠷᠭᠠᠭᠤᠯᠢ ᠶᠢᠨ ᠪᠠᠭᠰᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠠᠬᠢ ᠠᠬᠢᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢᠶᠠᠷ ᠭᠤᠣᠯᠳᠠᠯᠭ᠎ᠠ ᠪᠣᠯᠭᠠᠨ ᠬᠢᠴᠢᠶᠡᠯ ᠪᠡᠯᠡᠳᠬᠡᠵᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ᠂ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠦᠮᠦᠰ ᠲᠤ ᠣᠶᠢᠯᠠᠭᠠᠭᠤᠯᠤᠨ ᠡᠵᠡᠮᠰᠢᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠵᠦᠢᠯ ᠵᠤᠷᠪᠤᠰ ᠤᠨ ᠯᠣᠭᠢᠭ ᠴᠢᠨᠠᠷ ᠪᠠ ᠬᠠᠨᠳᠤᠯᠭᠠᠲᠤ ᠴᠢᠨᠠᠷ ᠢ ᠭᠦᠨᠵᠡᠭᠡᠢ ᠲᠠᠶᠢᠯᠪᠤᠷᠢᠯᠠᠬᠤ ᠶᠢ ᠴᠢᠬᠤᠯᠠᠴᠢᠯᠠᠨ᠂ ᠬᠢᠴᠢᠶᠡᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠰᠢ ᠶᠢᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠰᠤᠷᠭᠠᠭᠤᠯᠢ ᠶᠢᠨ ᠣᠨᠴᠠᠯᠢᠭ ᠪᠦᠬᠦᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠵᠢᠭᠠᠨ ᠰᠤᠷᠭᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ᠂ ᠠᠯᠪᠠᠳᠠᠨ᠂ ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠢᠨ᠎ᠡ   ᠪᠠᠷ ᠡᠯᠰᠡᠭᠰᠡᠨ ᠨᠠᠮ ᠤᠨ ᠭᠡᠰᠢᠭᠦᠨ᠂ ᠵᠠᠯᠠᠭᠤ ᠺᠠᠳ᠋ᠷ᠂ ᠨᠢᠭᠡᠳᠦᠮᠡᠯ ᠹᠷᠣᠨᠲ ᠤᠨ ᠭᠡᠰᠢᠭᠦᠨ ᠵᠡᠷᠭᠡ ᠶᠢ ᠵᠣᠬᠢᠶᠠᠨ ᠪᠠᠶᠢᠭᠤᠯᠤᠨ ᠪᠣᠯᠪᠠᠰᠤᠷᠠᠯ ᠳᠤ ᠣᠷᠣᠯᠴᠠᠭᠤᠯᠬᠤ ᠪᠠᠷ ᠲᠥᠯᠥᠪᠯᠡᠵᠦ ᠪᠠᠶᠢᠨ᠎ᠠ᠃ ᠡᠨᠡᠬᠦ ᠰᠠᠭᠤᠷᠢᠨ ᠳᠡᠭᠡᠷ᠎ᠡ᠂ ᠪᠢᠳᠡ ᠪᠠᠰᠠ ᠤᠷᠢᠳᠴᠢᠯᠠᠨ ᠪᠣᠯᠵᠣᠵᠤ ᠬᠢᠴᠢᠶᠡᠯ ᠣᠷᠣᠬᠤ᠂ ᠭᠡᠷ ᠲᠤᠨᠢ ᠬᠦᠷᠴᠦ ᠲᠠᠶᠢᠯᠪᠤᠷᠢᠯᠠᠬᠤ᠂ ᠭᠤᠣᠯ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠪᠣᠯᠪᠠᠰᠤᠷᠠᠯ ᠥᠷᠨᠢᠭᠦᠯᠵᠦ᠂ ᠬᠥᠮᠥᠵᠢᠭᠦᠯᠦᠨ ᠪᠣᠯᠪᠠᠰᠤᠷᠠᠭᠤᠯᠬᠤ ᠪᠠ ᠤᠬᠠᠭᠤᠯᠤᠨ ᠲᠠᠶᠢᠯᠪᠤᠷᠢᠯᠠᠬᠤ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠤᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号