ᠶᠣᠣ ᠬᠤᠩ ᠭᠠᠩ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ‍ᠤᠨ‌‍ᠲ᠋ᠦ᠋ᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠲᠤᠬᠠᠢ  ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠳᠡᠳ᠋ ᠳᠠᠷᠤᠭ᠎ᠠ ᠦ᠋ ᡁᠢ ᠴᠢᠶᠠᠩ᠂ ᠷᠧᠨ ᠳ᠋ᠧ ᠰᠢᠨ ᠵᠢᠴᠢ ᠰᠣᠶᠣᠯ ᠵᠢᠭᠤᠯᠴᠢᠯᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ  ᠤ ᠲᠣᠪᠴᠢᠶ᠎ᠠ᠂ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
     ᠶᠣᠣ ᠬᠤᠩ ᠭᠠᠩ ᠶᠣᠯᠣ ᠬᠠᠶᠢᠷᠬᠠᠨ ᠤ ᠦᠵᠡᠮᠵᠢ ᠶᠢᠨ ᠣᠷᠣᠨ ᠤ ᠮᠣᠳᠣᠨ ᠬᠥᠭᠦᠷᠭᠡ ᠶᠢ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠢ ᠪᠠᠶᠢᠴᠠᠭᠠᠨ ᠦᠵᠡᠭᠰᠡᠨ ᠪᠥᠭᠡᠳ ᠵᠢᠯᠤᠭᠤᠳᠬᠤ ᠰᠠᠨᠠᠯ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠨᠢ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠢᠭᠤᠯᠴᠢᠯᠠᠯ ᠤᠨ ᠦᠢᠯᠡᠰ ᠤᠨ ᠠᠰᠢᠭᠲᠠᠢ ᠠᠵᠠ ᠲᠣᠬᠢᠶᠠᠯ ᠢ ᠠᠮᠵᠢᠵᠤ ᠂ ᠦᠵᠡᠮᠵᠢ ᠶᠢᠨ ᠣᠷᠣᠨ ᠤ ᠡᠯ᠎ᠡ ᠵᠦᠢᠯ ᠤᠨ ᠥᠭᠡᠷᠡᠴᠢᠯᠡᠨ ᠲᠡᠰ ᠳᠡᠪᠰᠢᠭᠦᠯᠬᠦ ᠠᠵᠢᠯ ᠤᠨ ᠠᠬᠢᠴᠠ ᠶᠢ ᠴᠢᠩᠭᠠᠳᠬᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠡᠷᠴᠢᠮᠲᠠᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠂ ᠦᠵᠡᠮᠵᠢ ᠶᠢᠨ ᠣᠷᠣᠨ ᠢ ᠳᠡᠰ ᠳᠡᠪᠰᠢᠭᠦᠯᠬᠦ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂  ᠣᠷᠴᠢᠨ ᠲᠣᠭᠤᠷᠢᠨ ᠭᠤᠶᠢᠳᠠ ᠰᠠᠶᠢᠬᠠᠨ᠂ ᠴᠡᠪᠡᠷ ᠲᠡᠭᠰᠢ ᠲᠠᠭᠠᠯᠠᠮᠵᠢᠲᠠᠢ᠂ ᠠᠮᠢ ᠠᠬᠤᠢ ᠶᠢᠨ ᠪᠣᠯᠪᠠᠰᠤᠨ ᠢ ᠬᠠᠷᠠᠭᠤᠯᠤᠭᠰᠠᠨ ᠦᠵᠡᠮᠵᠢ ᠶᠢᠨ ᠣᠷᠣᠨ ᠤ ᠳᠦᠷᠢ ᠲᠥᠷᠬᠦ ᠶᠢ ᠬᠦᠴᠦᠯᠡᠨ ᠪᠣᠶ ᠪᠣᠯᠭᠠᠬᠤ ᠬᠡᠷᠡᠭᠲᠡᠢ ᠭᠡᠵᠡᠢ᠃
     X504 ᠱᠤᠭᠤᠮ ᠤᠨ ᠪᠠᠶ᠋ᠬᠠᠭᠤᠯᠠ ᠨᠢᠰᠬᠡᠯ ᠤᠨ ᠪᠠᠭᠤᠳᠠᠯ ᠠᠴᠠ ᠸᠠᠩᠭᠠᠢ ᠣᠪᠣᠭ᠎ᠠ ᠬᠦᠷᠬᠦ ᠵᠠᠰᠠᠮᠠᠯ ᠵᠠᠮ ᠳᠤ᠂ ᠶᠣᠣ ᠬᠤᠩ ᠭᠠᠩ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ᠂ ᠶᠠᠰᠤ ᠴᠢᠨᠠᠷ ᠤᠨ ᠪᠠᠲᠤᠯᠠᠭ᠎ᠠ᠂ ᠠᠬᠢᠴᠠ ᠶᠢᠨ ᠲᠥᠯᠥᠪᠯᠡᠭᠡ ᠵᠡᠷᠭᠡ ᠶᠢ ᠪᠦᠬᠦ ᠲᠠᠯ᠎ᠠ ᠪᠠᠷ ᠪᠠᠶᠢᠴᠠᠭᠠᠨ ᠣᠶᠢᠯᠠᠭᠠᠵᠠᠢ᠃ ᠲᠡᠷᠡ ᠴᠢᠬᠤᠯᠠᠴᠢᠯᠠᠭᠰᠠᠨ ᠨᠢ᠂ ᠠᠵᠢᠯ ᠤᠨ ᠨᠢᠭᠡᠴᠡ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠨ᠂ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠥᠰ ᠤᠨ ᠠᠶᠤᠯᠭᠦᠢ ᠦᠢᠯᠡᠳᠪᠦᠷᠢᠯᠡᠯ ᠤᠨ ᠬᠥᠮᠦᠵᠢᠯ  ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠢ ᠢᠮᠠᠭᠲᠠ  ᠴᠢᠩᠭᠠᠳᠬᠠᠨ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠬᠢᠷᠠᠭᠤᠯᠵᠤ᠂ ᠪᠠᠷᠢᠯᠭ᠎ᠠ ᠶᠢ ᠬᠦᠴᠦᠲᠡᠢ ᠠᠬᠢᠭᠤᠯᠤᠨ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠮᠵᠢᠯᠲᠠᠲᠠᠢ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠡᠢ᠃
     ᠶᠣᠣ ᠬᠤᠩ ᠭᠠᠩ  ᠪᠠᠯᠭᠠᠷᠭᠤᠣᠯ ᠪᠠᠯᠭᠠᠰᠤᠨ ᠤ ᠡᠮᠦᠨᠡᠬᠢ ᠲᠣᠭᠤᠷᠢᠭᠤᠯ ᠵᠠᠮ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠢᠯᠴᠢ ᠬᠠᠩᠭᠠᠬᠤ ᠬᠤᠭᠤᠯᠠᠢ ᠶᠢ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠳᠦᠷᠦᠯ ᠵᠦᠢᠯ᠂ ᠲᠠᠮᠢᠷ ᠤᠨ ᠬᠥᠳᠡᠯᠭᠡᠭᠡᠨ ᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠵᠡᠷᠭᠡ ᠶᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠭᠰᠡᠨ ᠪᠥᠭᠡᠳ ᠳᠦᠷᠦᠯ ᠵᠦᠢᠯ ᠤᠨ ᠭᠠᠵᠠᠷ ᠰᠣᠩᠭᠤᠭᠰᠠᠨ ᠪᠠᠶᠢᠳᠠᠯ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ︽ ᠳᠤᠯᠠᠭᠠᠯᠠᠭ᠎ᠠ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠠᠶᠢᠲᠤᠷ ᠬᠡᠷᠡᠭᠵᠢᠭᠦᠯᠬᠦ ᠨᠢ ᠥᠷᠭᠡᠨ ᠤᠯᠠᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠠᠷ ᠪᠠᠷᠠᠬᠤ ᠦᠭᠡᠢ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠳᠠᠭᠠᠯᠲᠠ ᠦᠢᠯᠡᠴᠢᠯᠡᠭᠡ ᠶᠢ ᠴᠠᠭ ᠲᠤᠬᠠᠢ ᠳᠤᠨᠢ ᠰᠠᠶᠢᠲᠤᠷ ᠬᠢᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠬᠤ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠰᠢᠰᠲ᠋ᠧᠮᠲᠦ ᠲᠥᠯᠦᠪᠵᠢᠭᠦᠯᠭᠡ ᠶᠢ ᠴᠢᠩᠭᠠᠳᠬᠠᠵᠤ᠂ ᠨᠣᠭᠤᠭᠠᠷᠠᠭᠤᠯᠤᠯᠲᠠ᠂ ᠬᠤᠳᠠ ᠶᠢᠨ ᠵᠠᠮ᠂ ᠴᠡᠴᠡᠷᠯᠢᠭ ᠠᠭᠤᠳᠠᠮ ᠲᠠᠯᠠᠪᠠᠢ ᠶᠢᠨ ᠶᠠᠰᠤ ᠴᠢᠨᠠᠷ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠶᠢᠨ ᠴᠢᠳᠠᠪᠬᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号