ᠤᠯᠠᠭᠠᠨ ᠬᠠᠭᠠᠯᠭ᠎ᠠ ᠰᠤᠮᠤ ᠲᠠᠯ᠎ᠠ ᠨᠤᠲᠤᠭ ᠤᠨ ᠴᠠᠷᠴᠠᠬᠠᠢ ᠶᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/5/30
     ᠴᠠᠷᠴᠠᠬᠠᠢ ᠶᠢᠨ ᠭᠠᠮᠰᠢᠭ ᠡᠭᠦᠰᠬᠦ ᠪᠠᠶᠢᠳᠠᠯ ᠢ ᠣᠨᠣᠪᠴᠢᠲᠠᠶ ᠡᠵᠡᠮᠰᠢᠵᠦ᠂ ᠨᠤᠲᠤᠭ ᠪᠡᠯᠴᠢᠭᠡᠷ ᠤᠨ ᠬᠥᠨᠥᠭᠡᠯᠳᠦ ᠰᠢᠪᠠᠵᠢ ᠶᠢᠨ ᠡᠭᠦᠰᠬᠦ ᠶᠢ ᠪᠦᠲᠦᠮᠵᠢᠲᠡᠶ ᠬᠢᠵᠠᠭᠠᠷᠯᠠᠨ᠂ ᠡᠪᠡᠰᠦ ᠪᠡᠯᠴᠢᠭᠡᠷ ᠤᠨ ᠬᠤᠬᠢᠷᠠᠯ ᠢ ᠪᠠᠭᠠᠰᠬᠠᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠤᠯᠠᠭᠠᠨᠬᠠᠯᠠᠭ᠎ᠠ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠲᠠᠢ ᠢᠳᠡᠪᠬᠢᠲᠡᠢ ᠬᠠᠮᠵᠢᠯᠴᠠᠵᠤ᠂ ᠮᠠᠯᠵᠢᠬᠤ ᠣᠷᠣᠨ ᠳᠤ ᠭᠦᠨᠵᠡᠭᠡᠶᠢᠷᠡᠨ ᠴᠠᠷᠴᠠᠬᠠᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠪᠡ᠃
      ᠠᠵᠢᠯᠲᠠᠳ ᠡᠯ᠎ᠡ ᠭᠠᠴᠠᠭᠠᠨ ᠤ ᠥᠩᠭᠡᠷᠡᠭᠰᠡᠨ ᠵᠢᠯ ᠤᠳ ᠤᠨ ᠬᠤᠷᠣᠬᠠᠢ ᠶᠢᠨ ᠭᠠᠮᠰᠢᠭ ᠣᠯᠠᠨ ᠡᠭᠦᠰᠳᠡᠭ ᠣᠷᠣᠨ ᠵᠢᠴᠢ ᠮᠠᠯᠴᠢᠳ ᠤᠨ ᠲᠤᠰᠬᠠᠭᠰᠠᠨ ᠣᠷᠣᠨ ᠪᠦᠰᠡ ᠪᠠᠷ ᠭᠤᠣᠯᠳᠠᠯᠭ᠎ᠠ ᠪᠣᠯᠭᠠᠨ᠂ ᠮᠠᠯᠵᠢᠬᠤ ᠡᠷᠦᠬᠡ ᠶᠢᠨ ᠪᠡᠯᠴᠢᠭᠡᠷ ᠲᠤ ᠴᠠᠷᠴᠠᠬᠠᠢ ᠢᠯᠡᠷᠡᠭᠰᠡᠨ ᠡᠰᠡᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠠᠵᠢᠭᠯᠠᠬᠤ ᠶᠢᠨ ᠬᠠᠮᠲᠤ ᠨᠠᠷᠢᠨ ᠲᠡᠮᠳᠡᠭᠯᠡᠯ ᠬᠢᠪᠡ᠃
       ᠲᠣᠰ ᠤᠳᠠᠭᠠᠨ ᠤ ᠠᠵᠢᠯ ᠢᠶᠠᠷ ᠳᠡᠮᠵᠢᠨ᠂ ᠮᠠᠨ ᠤ ᠰᠤᠮᠤᠨ ᠤ ᠴᠠᠷᠴᠠᠬᠠᠢ ᠶᠢᠨ ᠭᠠᠮᠰᠢᠭ ᠡᠭᠦᠰᠦᠭᠰᠡᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠪᠡ᠂ ᠲᠠᠷᠠᠭᠠᠴᠢ ᠶᠢᠨ ᠠᠯᠬᠤᠮ ᠳᠤ ᠴᠠᠷᠴᠠᠬᠠᠢ ᠡᠭᠦᠰᠬᠦ ᠪᠠᠶᠢᠳᠠᠯ ᠢ ᠨᠢᠭᠲᠠ ᠠᠩᠬᠠᠷᠬᠤ ᠶᠢᠨ ᠬᠠᠮᠲᠤ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠵᠦ᠂ ᠨᠤᠲᠤᠭ ᠪᠡᠯᠴᠢᠭᠡᠷ ᠤᠨ ᠴᠠᠷᠴᠠᠬᠠᠢ ᠶᠢ ᠤᠰᠠᠳᠬᠠᠬᠤ ᠠᠵᠢᠯ ᠢ ᠪᠥᠬᠦ ᠲᠠᠯ᠎ᠠ ᠪᠠᠷ ᠦᠷᠨᠢᠬᠦᠯᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号