ᠪᠠᠷᠠᠭᠤᠨ ᠦᠵᠦᠮᠦᠴᠢᠨ ᠬᠤᠰᠢᠭᠤᠨ ᠤ ᠨᠢᠭᠡᠨ ᠨᠡᠭᠦᠷᠡᠰᠦᠨ ᠤ ᠠᠵᠤ ᠠᠬᠤᠶᠢᠯᠠᠯ ︽ᠪᠦᠬᠦ ᠤᠯᠤᠰ ᠤᠨ ᠠᠵᠢᠯᠴᠢᠨ ᠤ ᠬᠤᠰᠢᠭᠤᠴᠢ︾᠎ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/5/6
    ᠣᠶᠢᠷ᠎ᠠ ᠶᠢᠨ ᠡᠳᠦᠷ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠰᠦᠯᠵᠢᠶ᠎ᠡ ᠳᠤ 2024 ᠣᠨ ᠤ ᠪᠥᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠪᠠ ᠪᠥᠬᠦ ᠤᠯᠤᠰ ᠤᠨ ᠠᠵᠢᠯᠴᠢᠨ ᠤ ᠬᠤᠰᠢᠭᠤᠴᠢ ᠶᠢᠨ ᠱᠠᠩᠨᠠᠯ ᠬᠦᠷᠲᠡᠭᠰᠡᠳ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠬᠠᠢ ᠵᠧᠦ  ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠨᠢ ᠪᠥᠬᠦ ᠤᠯᠤᠰ ᠤᠨ ᠠᠵᠢᠯᠴᠢᠨ ᠤ ᠬᠤᠰᠢᠭᠤᠴᠢ ᠶᠢᠨ ᠱᠠᠩᠨᠠᠯ ᠬᠦᠷᠲᠡᠭᠰᠡᠳ ᠤᠨ ᠨᠡᠷᠡᠰ ᠲᠤ ᠵᠢᠭᠰᠠᠭᠠᠭᠳᠠᠭᠰᠠᠨ ᠪᠠᠶᠢᠨ᠎ᠠ᠃
       ᠪᠠᠶᠠᠨᠬᠤᠸᠠ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠠᠴᠠ ᠪᠠᠷᠠᠭᠤᠨ ᠦᠵᠦᠮᠦᠴᠢᠨ ᠤ ᠎ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ ᠬᠦᠷᠬᠦ ᠨᠡᠭᠦᠷᠡᠰᠦ ᠳᠠᠮᠵᠢᠭᠤᠯᠬᠤ ᠦᠢᠯᠡᠳᠪᠦᠷᠢᠯᠡᠯ ᠤᠨ ᠱᠤᠭᠤᠮ ᠎ ᠳᠤ᠂ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠵᠠᠰᠠᠪᠤᠷᠢ ᠶᠢᠨ ᠠᠩᠭᠢ ᠶᠢᠨ ᠳᠠᠷᠤᠭ᠎ᠠ ᠶᠢᠨ ᠰᠢᠶᠣᠣ ᠯᠢᠶᠠᠩ ᠬᠠᠮᠲᠤ ᠠᠵᠢᠯᠯᠠᠭᠰᠠᠳ ᠲᠠᠢ ᠪᠠᠨ ᠵᠢᠷᠤᠭ ᠲᠥᠯᠥᠪᠯᠡᠭᠡ ᠶᠢ ᠪᠠᠶᠢᠴᠠᠭᠠᠨ ᠦᠵᠡᠵᠦ᠂ ᠨᠡᠭᠦᠷᠡᠰᠦ ᠳᠠᠮᠵᠢᠭᠤᠯᠬᠤ ᠱᠤᠭᠤᠮ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠳᠤ ᠪᠡᠯᠡᠳᠬᠡᠯ ᠬᠢᠵᠦ ᠪᠠᠶᠢᠯ᠎ᠠ᠃    ᠶᠢᠨ ᠰᠢᠶᠣᠣ ᠯᠢᠶᠠᠩ ᠪᠣᠯ ᠲᠣᠰ ᠺᠣᠮᠫᠠᠨᠢ ᠶᠢᠨ ᠵᠠᠳᠠᠭᠠᠢ ᠠᠭᠤᠷᠬᠠᠢ ᠶᠢᠨ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠵᠠᠰᠠᠪᠤᠷᠢ ᠶᠢᠨ ᠠᠩᠭᠢ ᠶᠢᠨ ᠳᠠᠷᠤᠭ᠎ᠠ ᠪᠣᠯᠣᠨ᠎ᠠ᠃ ᠲᠡᠷᠡ ᠠᠵᠢᠯ ᠳᠤ ᠭᠠᠷᠤᠭᠰᠠᠨ ᠠᠴᠠ ᠨᠠᠰᠢ 35 ᠵᠢᠯ ᠤᠨ ᠲᠤᠷᠰᠢ ᠮᠠᠰᠢᠨ ᠲᠣᠨᠤᠭ ᠰᠡᠯᠪᠢᠨ ᠵᠠᠰᠠᠬᠤ᠂ ᠨᠡᠭᠦᠷᠡᠰᠦ ᠵᠥᠭᠡᠭᠡᠪᠦᠷᠢᠯᠡᠬᠦ ᠳᠠᠮᠵᠢᠯᠭᠠᠨ ᠪᠦᠰᠡ ᠶᠢ ᠰᠡᠯᠪᠢᠨ ᠵᠠᠰᠠᠵᠤ ᠬᠠᠮᠠᠭᠠᠯᠠᠬᠤ ᠵᠡᠷᠭᠡ ᠠᠵᠢᠯ ᠢ ᠬᠢᠭᠰᠡᠭᠡᠷ ᠢᠷᠡᠭᠰᠡᠨ ᠪᠥᠭᠡᠳ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠠᠭᠠᠷᠠᠭᠰᠠᠨ ᠬᠡᠪ ᠪᠣᠯᠪᠠᠰᠤᠷᠠᠯ ᠲᠠᠢ ᠪᠠᠶᠢᠵᠤ᠂ ᠲᠤᠯᠤᠭᠠᠨ ᠵᠢᠯ ᠳᠠᠷᠠᠭᠠᠯᠠᠨ ᠹᠦ᠋ ᠰᠢᠨ ᠠᠭᠤᠷᠬᠠᠢ ᠶᠢᠨ ᠦᠢᠯᠡᠰ ᠤᠨ ᠪᠦᠯᠦᠭᠯᠡᠯ ᠪᠣᠯᠣᠨ ᠪᠠᠶᠠᠨᠬᠤᠸᠠ ᠳᠠᠬᠢ ᠺᠣᠮᠫᠠᠨᠢ ᠶᠢᠨ ᠲᠡᠷᠢᠭᠦᠨ ᠤ ᠬᠤᠪᠢ ᠬᠥᠮᠥᠨ ᠤ ᠴᠣᠯᠠ ᠶᠢ ᠭᠥᠷᠳᠡᠵᠦ᠂ 2023 ᠣᠨ ᠳᠤ ᠪᠠᠰᠠ ᠹᠦ᠋ ᠰᠢᠨ ᠠᠭᠤᠷᠬᠠᠢ ᠎ ᠶᠢᠨ ᠦᠢᠯᠡᠰ ᠤᠨ ᠪᠦᠯᠦᠭᠯᠡᠯ ᠤᠨ ᠠᠩᠬᠠᠳᠤᠭᠠᠷ ᠬᠤᠭᠤᠴᠠᠭᠠᠨ ᠤ ᠣᠷᠣᠨ ᠪᠦᠰᠡ ᠶᠢᠨ ᠭᠠᠳᠠᠨᠠᠬᠢ ᠬᠥᠭᠵᠢᠭᠦᠯᠦᠯᠲᠡ ᠶᠢᠨ ᠲᠡᠷᠢᠭᠦᠨ ᠤ ᠬᠤᠪᠢ ᠬᠥᠮᠥᠨ ᠤ ᠴᠣᠯᠠ ᠶᠢ  ᠬᠦᠷᠲᠡᠵᠡᠢ᠃
       2011 ᠣᠨ ᠳᠤ᠂ ᠲᠣᠰ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠵᠠᠰᠠᠪᠤᠷᠢ ᠶᠢᠨ ᠠᠩᠭᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠬᠤᠰᠢᠭᠤᠴᠢ ᠶᠢᠨ ᠴᠣᠯᠠ ᠶᠢ ᠭᠥᠷᠳᠡᠪᠡ᠂ ᠲᠤᠬᠠᠢ ᠶᠢᠨ ᠦᠶ᠎ᠡ ᠳᠤ ᠶᠢᠨ ᠰᠢᠶᠣᠣ ᠯᠢᠶᠠᠩ ᠠᠵᠢᠯᠯᠠᠬᠤ ᠠᠩᠭᠢ ᠶᠢᠨ ᠢᠶᠠᠨ ᠨᠢᠭᠡ ᠭᠡᠰᠢᠭᠦᠨ ᠪᠠᠶᠢᠭᠰᠠᠨ ᠶᠤᠮ᠃ 3 ᠵᠢᠯ ᠤᠨ ᠳᠠᠷᠠᠭ᠎ᠠ ᠶᠢᠨ ᠰᠢᠶᠣᠣ ᠯᠢᠶᠠᠩ ᠪᠠᠰᠠ ᠠᠵᠢᠯᠯᠠᠬᠤ ᠠᠩᠭᠢ ᠪᠠᠨ ᠳᠠᠭᠠᠭᠤᠯᠤᠨ ᠪᠥᠬᠦ ᠤᠯᠤᠰ ᠤᠨ ᠠᠵᠢᠯᠴᠢᠨ ᠤ ᠬᠤᠰᠢᠭᠤᠴᠢ ᠶᠢᠨ ᠴᠣᠯᠠ ᠶᠢ ᠬᠦᠷᠲᠡᠵᠡᠢ᠃ ᠲᠣᠰ ᠠᠵᠢᠯᠯᠠᠬᠤ ᠠᠩᠭᠢ ᠨᠢ 13 ᠵᠢᠯ ᠤᠨ ᠲᠤᠷᠰᠢ ᠨᠡᠭᠦᠷᠡᠰᠦ ᠳᠠᠮᠵᠢᠭᠤᠯᠬᠤ ᠵᠠᠮ ᠱᠤᠭᠤᠮ ᠢ ᠨᠢᠭᠡ ᠴᠤ ᠠᠳᠡᠯ ᠰᠠᠭᠠᠲᠠᠯ ᠦᠭᠡᠢ ᠪᠠᠷ ᠠᠵᠢᠯᠯᠠᠭᠤᠯᠤᠭᠰᠠᠨ ᠬᠢᠷᠢ ᠪᠦᠲᠦᠮᠵᠢ ᠶᠢ ᠡᠭᠦᠳᠦᠭᠰᠡᠨ ᠪᠠᠶᠢᠨ᠎ᠠ᠃ ᠶᠢᠨ ᠰᠢᠶᠣᠣ ᠯᠢᠶᠠᠩ ᠪᠢᠳᠡᠨ ᠳᠤ ᠲᠠᠨᠢᠯᠴᠠᠭᠤᠯᠬᠤ ᠳᠠᠭᠠᠨ᠂ ᠮᠠᠨ ᠤ ᠵᠠᠰᠠᠪᠤᠷᠢ ᠶᠢᠨ ᠠᠩᠭᠢ ᠶᠢᠨ ᠭᠤᠣᠯ ᠦᠢᠯᠡᠳᠪᠦᠷᠢᠯᠡᠯ ᠤᠨ ᠡᠭᠦᠷᠭᠡ ᠪᠣᠯ ᠪᠦᠬᠦ ᠠᠭᠤᠷᠬᠠᠢ ᠶᠢᠨ 11 ᠰᠠᠤᠷᠢ ᠳᠠᠮᠵᠢᠯᠭᠠᠨ ᠪᠦᠰᠡ ᠶᠢᠨ ᠮᠠᠰᠢᠨ ᠪᠣᠯᠣᠨ 12 ᠺᠢᠯᠤᠮᠧᠲᠷ ᠤᠨ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠱᠤᠭᠤᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠬᠠᠤ ᠪᠣᠯᠣᠨ᠎ᠠ᠂ ᠪᠢᠳᠡ ᠡᠳᠡᠭᠡᠷ ᠵᠢᠯ ᠤᠨ ᠲᠤᠷᠰᠢ ᠺᠣᠮᠫᠠᠨᠢ ᠠᠴᠠ ᠲᠣᠬᠢᠷᠠᠭᠤᠯᠤᠭᠰᠠᠨ ᠡᠯ᠎ᠡ ᠵᠦᠢᠯ ᠤᠨ ᠠᠵᠢᠯ ᠢ ᠴᠢᠨᠠᠷᠯᠢᠭ ᠪᠦᠲᠦᠮᠵᠢᠲᠡᠢ ᠪᠡᠶᠡᠯᠡᠭᠦᠯᠦᠭᠰᠡᠭᠡᠷ ᠢᠷᠡᠭᠰᠡᠨ ᠶᠤᠮ᠃ ᠬᠤᠶᠢᠰᠢᠳᠠ ᠮᠠᠨ ᠤ ᠳᠤᠭᠤᠶᠢᠯᠠᠩ ᠨᠢ ᠬᠦᠴᠢᠷ ᠪᠡᠷᠬᠡ ᠶᠢ ᠲᠡᠰᠪᠦᠷᠢᠯᠡᠨ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠤᠴᠠᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠪᠠᠨ ᠦᠷᠭᠦᠯᠵᠢᠯᠡᠨ ᠤᠯᠠᠮᠵᠢᠯᠠᠨ ᠪᠠᠳᠠᠷᠠᠭᠤᠯᠤᠨ᠎ᠠ ᠭᠡᠵᠦ ᠶᠠᠷᠢᠯ᠎ᠠ᠃     ᠪᠠᠶᠠᠨᠬᠤᠸᠠ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠨᠢ ᠵᠢᠯ ᠎ ᠳᠤ 350 ᠲᠦᠮᠡᠨ ᠲᠣᠨ ᠨᠡᠭᠦᠷᠡᠰᠦ ᠦᠢᠯᠡᠳᠪᠦᠷᠢᠯᠡᠳᠡᠭ᠂ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠵᠠᠰᠠᠪᠤᠷᠢ ᠵᠢᠨ‌ᠠᠩᠭᠢ ᠨᠢ ᠵᠠᠳᠠᠭᠠᠢ ᠠᠭᠤᠷᠬᠠᠢ ᠶᠢᠨ ᠨᠡᠭᠦᠷᠡᠰᠦ ᠳᠠᠮᠵᠢᠭᠤᠯᠬᠤ ᠱᠤᠭᠤᠮ ᠤᠨ ᠠᠮᠤᠷ ᠲᠦᠪᠰᠢᠨ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠳᠠᠭ᠃ ᠲᠣᠰ  ᠠᠵᠢᠯᠯᠠᠬᠤ ᠠᠩᠭᠢ ᠨᠢ ᠣᠲᠣ 59 ᠠᠵᠢᠯᠲᠠᠨ ᠠᠵᠢᠯᠴᠢᠨ ᠲᠠᠢ ᠪᠠᠶᠢᠵᠤ᠂ ᠳᠣᠣᠷ᠎ᠠ ᠪᠠᠨ 4 ᠰᠡᠯᠪᠢᠨ ᠵᠠᠰᠠᠬᠤ ᠳᠤᠭᠤᠶᠢᠯᠠᠩ ᠪᠠᠶᠢᠭᠤᠯᠵᠤ᠂ ᠵᠠᠳᠠᠭᠠᠢ ᠠᠭᠤᠷᠬᠠᠢ ᠶᠢᠨ 12 ᠺᠢᠯᠣᠮᠧᠲᠷ ᠤᠨ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠤᠭᠰᠠᠷᠠᠬᠤ᠂ ᠲᠤᠷᠰᠢᠨ ᠲᠣᠬᠢᠷᠠᠭᠤᠯᠬᠤ᠂ ᠰᠡᠯᠪᠢᠨ ᠵᠠᠰᠠᠵᠤ ᠬᠠᠮᠠᠭᠠᠯᠠᠬᠤ ᠠᠵᠢᠯ ᠢ ᠡᠭᠦᠷᠭᠡᠯᠡᠵᠦ ᠪᠣᠶ᠃ ᠲᠣᠰ ᠠᠵᠢᠯᠯᠠᠬᠤ ᠠᠩᠭᠢ ᠨᠢ ᠰᠡᠯᠪᠢᠨ ᠵᠠᠰᠠᠵᠤ ᠬᠠᠮᠠᠭᠠᠯᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠬᠤ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠳᠠᠮᠵᠢᠯᠭᠠᠨ ᠪᠦᠰᠡ ᠶᠢᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠵᠤ᠂ ᠡᠨᠡ ᠵᠢᠯ ᠤᠨ ᠨᠢᠭᠡᠳᠦᠭᠡᠷ ᠤᠯᠠᠷᠢᠯ ᠳᠤ ᠺᠣᠮᠫᠠᠨᠢ ᠳᠤ ᠪᠠᠨ 20 ᠲᠦᠮᠡᠨ ᠲᠥᠭᠦᠷᠢᠭ ᠤᠨ ᠮᠠᠲ᠋ᠧᠷᠢᠶᠠᠯ ᠤᠨ ᠵᠠᠷᠤᠳᠠᠯ ᠢ ᠠᠷᠪᠢᠯᠠᠵᠤ ᠥᠭᠭᠦᠭᠰᠡᠨ ᠪᠠᠶᠢᠨ᠎ᠠ᠃
    ᠪᠠᠶᠠᠨᠬᠤᠸᠠ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠵᠠᠭᠠᠷᠲᠤ ᠺᠣᠮᠫᠠᠨᠢ ᠶᠢᠨ ᠵᠠᠳᠠᠭᠠᠢ ᠠᠭᠤᠷᠬᠠᠢ ᠶᠢᠨ ᠳᠠᠮᠵᠢᠯᠭᠠᠨ ᠪᠦᠰᠡ ᠶᠢᠨ ᠵᠥᠭᠡᠭᠡᠪᠦᠷᠢ ᠶᠢᠨ ᠵᠠᠰᠠᠪᠤᠷᠢ ᠶᠢᠨ ᠠᠩᠭᠢ ᠶᠢᠨ ᠳᠠᠷᠤᠭ᠎ᠠ ᠰᠦᠨ ᠰᠢᠤᠸᠠᠢ ᠹᠧᠩ᠄ ︽ᠳᠠᠷᠠᠭ᠎ᠠ ᠠᠯᠬᠤᠮ ᠳᠤ᠂ ᠮᠠᠨ ᠤ ᠠᠵᠢᠯᠯᠠᠬᠤ ᠠᠩᠭᠢ ᠨᠢ ᠦᠷᠭᠦᠯᠵᠢᠯᠡᠨ ᠬᠠᠮᠢᠶᠠᠷᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠰᠠᠭᠤᠷᠢ ᠪᠠᠨ ᠪᠠᠲᠤᠳᠬᠠᠨ᠂ ᠮᠡᠷᠭᠡᠵᠢᠯ ᠴᠢᠳᠠᠪᠤᠷᠢ ᠪᠠᠨ  ᠳᠡᠭᠭᠡᠰᠢᠯᠡᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ ᠪᠣᠯᠣᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠤᠨ ᠲᠠᠯ᠎ᠠ ᠪᠠᠷ ᠯᠠᠪᠳᠠᠭᠤᠨ ᠪᠠᠲᠤᠲᠠᠢ᠂ ᠮᠡᠷᠭᠡᠵᠢᠯ ᠤᠨ ᠲᠠᠯ᠎ᠠ ᠪᠠᠷ ᠥᠨᠳᠥᠷ ᠬᠡᠪ ᠪᠣᠯᠪᠠᠰᠤᠷᠠᠯ ᠲᠠᠢ ᠡᠩᠨᠡᠭᠡ ᠪᠣᠯᠬᠤ ᠪᠠᠷ ᠴᠢᠷᠮᠠᠶᠢᠨ ᠠᠵᠢᠯᠯᠠᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号