ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠢᠨ ᠨᠠᠰᠤᠳᠠᠳ ᠲᠤ ᠬᠠᠨᠤᠮᠵᠢᠲᠠᠢ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2024/5/6
    ︽ᠪᠢ ᠨᠠᠰᠤ ᠠᠬᠢᠭᠰᠠᠨ ᠪᠣᠯᠬᠤᠷ ᠮᠠᠰᠢ ᠣᠯᠠᠨ ᠭᠡᠷ ᠵᠠᠭᠤᠷ᠎ᠠ  ᠶᠢᠨ ᠠᠵᠢᠯ  ᠢ ᠬᠢᠬᠦ ᠳᠤ ᠬᠦᠴᠢᠷᠳᠡᠬᠦ ᠪᠣᠯᠵᠠᠢ᠂ ᠲᠠ ᠨᠠᠷ ᠦᠷᠭᠦᠯᠵᠢ ᠨᠠᠮ᠎ᠠ ᠶᠢ ᠡᠷᠭᠢᠵᠦ ᠦᠵᠡᠬᠦ ᠪᠠᠷ  ᠢᠷᠡᠨ ᠠᠷᠰᠠᠷ ᠠᠵᠢᠯ ᠢ ᠬᠠᠪᠰᠤᠷᠴᠤ ᠬᠢᠵᠦ ᠦᠭᠳᠡᠭ ᠲᠤ ᠲᠠᠯᠠᠷᠬᠠᠵᠤ ᠪᠠᠶᠢᠨ᠎ᠠ᠂ ᠨᠠᠮ᠎ᠠ ᠶᠢ ᠪᠠᠶᠢᠩᠭᠤ ᠬᠠᠪᠰᠤᠷᠤᠨ ᠴᠡᠪᠡᠷᠯᠡᠭᠡ ᠬᠢᠵᠦ ᠦᠭᠳᠡᠭ ᠪᠥᠭᠡᠳ ᠲᠤᠳᠤᠨᠤ ᠦᠢᠯᠡᠴᠢᠯᠡᠭᠡ ᠬᠠᠩᠭᠠᠵᠤ ᠥᠭᠭᠦᠭᠰᠡᠨ ᠳᠤ ᠮᠠᠰᠢ ᠪᠠᠶᠠᠷᠯᠠᠵᠤ ᠪᠠᠶᠢᠨ᠎ᠠ︾ ᠬᠡᠮᠡᠨ ᠭᠠᠭᠴᠠᠭᠠᠷ ᠰᠠᠭᠤᠭ᠎ᠠ ᠨᠠᠰᠤᠲᠠᠨ ᠯᠢ ᠹᠧᠩ ᡁᠢ ᠡᠷᠡᠬᠡᠢ ᠭᠠᠷᠭᠠᠨ ᠮᠠᠭᠲᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠤᠨ ᠠᠵᠢᠯᠲᠠᠳ ᠲᠤ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠵᠡᠢ᠃     ᠡᠨᠡ ᠵᠢᠯ 78 ᠨᠠᠰᠤᠲᠠᠢ ᠯᠢ ᠨᠠᠰᠤᠲᠠᠨ ᠤ ᠦᠷ᠎ᠡ ᠬᠡᠦᠬᠡᠳ ᠤᠨ ᠬᠢᠨᠢ ᠵᠠᠷᠢᠮ ᠨᠢ ᠭᠠᠳᠠᠨ᠎ᠠ ᠣᠷᠣᠨ ᠳᠤ ᠪᠠᠶᠢᠵᠤ᠂ ᠵᠠᠷᠢᠮ ᠨᠢ ᠮᠠᠯᠵᠢᠬᠤ ᠣᠷᠣᠨ ᠳᠤ ᠪᠠᠶᠢᠵᠤ᠂ ᠪᠠᠰᠠ ᠵᠠᠷᠢᠮ ᠨᠢ ᠠᠵᠢᠯ ᠨᠢ ᠶᠠᠭᠠᠷᠠᠤ ᠵᠡᠷᠭᠡ ᠰᠢᠯᠲᠠᠭᠠᠨ ᠠᠴᠠ ᠪᠣᠯᠵᠤ ᠨᠠᠰᠤᠳᠠᠨ ᠭᠤᠸᠠᠢ ᠠᠷᠭ᠎ᠠ ᠪᠤᠰᠤ ᠪᠠᠶᠢᠩᠭᠤ ᠭᠠᠭᠴᠠᠭᠠᠷ ᠰᠠᠭᠤᠳᠠᠭ ᠪᠠᠶᠢᠨ᠎ᠠ᠃     ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠡᠷ ᠲᠤᠨᠢ ᠬᠦᠷᠴᠦ ᠲᠡᠭᠦᠨ ᠤ ᠪᠣᠳᠠᠲᠠᠢ ᠱᠠᠭᠠᠷᠳᠠᠯᠭ᠎ᠠ ᠶᠢ ᠬᠢᠴᠢᠶᠡᠩᠭᠦᠢ ᠰᠤᠨᠤᠰᠬᠤ ᠶᠢᠨ ᠬᠠᠮᠲᠤ ᠠᠵᠢᠯᠲᠠᠨ ᠢ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠲᠤᠨᠢ ᠣᠴᠢᠭᠤᠯᠵᠤ ᠲᠡᠭᠦᠨ ᠳᠤ ᠬᠠᠪᠰᠤᠷᠤᠨ ᠭᠡᠷ ᠤᠷᠤᠨ  ᠢ ᠨᠢ ᠴᠡᠪᠡᠷᠯᠡᠭᠦᠯᠬᠦ  ᠵᠡᠷᠭᠡ ᠦᠢᠯᠡᠴᠢᠯᠡᠭᠡ ᠬᠠᠩᠭᠠᠳᠠᠭ ᠪᠠᠶᠢᠨ᠎ᠠ᠃ ᠥᠨᠥᠳᠥᠷ ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠪᠠᠰᠠ ᠨᠠᠰᠤᠲᠠᠨ ᠢ ᠬᠠᠪᠰᠤᠷᠤᠨ ᠴᠤᠩᠬᠤᠨ ᠰᠢᠯ ᠵᠦᠯᠭᠦᠵᠦ᠂ ᠵᠣᠷᠯᠣᠩ ᠢ ᠨᠢ ᠴᠡᠪᠡᠷᠯᠡᠨ᠂  ᠪᠡᠶ᠎ᠡ ᠶᠢᠨ ᠪᠠᠶᠢᠳᠠᠯ ᠢ ᠨᠢ  ᠬᠠᠯᠠᠮᠵᠢᠯᠠᠨ ᠣᠶᠢᠯᠠᠭᠠᠪᠠ᠃ ᠡᠨᠡ ᠬᠦ ᠦᠢᠯᠡᠴᠢᠯᠡᠭᠡ ᠨᠢ ᠨᠠᠰᠤᠲᠠᠶᠢᠴᠤᠳ ᠤᠨ ᠠᠮᠢᠳᠤᠷᠠᠯ ᠤᠨ ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠲᠤ ᠨᠡᠶᠢᠭᠡᠮ ᠤᠨ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃     ᠣᠨᠴᠠᠭᠠᠶ ᠬᠦᠴᠢᠷᠲᠠᠢ ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂  ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ᠂  ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ  ᠶᠢ ᠬᠠᠩᠭᠠᠬᠤ ᠪᠠᠷ ᠡᠬᠢᠯᠡᠯᠲᠡ ᠪᠣᠯᠭᠠᠵᠤ᠂ ︽ᠵᠢᠷᠭᠤᠭᠠᠨ ᠲᠥᠷᠥᠯ︾ ᠤᠨ ᠨᠠᠰᠤᠲᠠᠶᠢᠴᠤᠳ ᠤᠨ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠦᠢᠯᠡᠴᠢᠯᠡᠭᠡ᠂ ᠡᠷᠡᠭᠦᠯ ᠮᠡᠨᠳᠦ ᠶᠢᠨ ᠬᠠᠮᠢᠶᠠᠷᠤᠯᠲᠠ᠂ ᠭᠡᠷ ᠠᠬᠤᠢ ᠶᠢᠨ ᠠᠷᠢᠭᠤᠨ ᠴᠡᠪᠡᠷ᠂ ᠰᠡᠳᠬᠢᠴᠡ ᠶᠢᠨ ᠲᠠᠶᠢᠳᠬᠤᠷᠠᠭᠤᠯᠤᠯ ᠵᠡᠷᠭᠡ ᠥᠪᠡᠷᠮᠢᠴᠡ ᠨᠠᠰᠤᠵᠢᠯ ᠤᠨ ᠦᠢᠯᠡᠴᠢᠯᠡᠭᠡ ᠶᠢ ᠬᠠᠩᠭᠠᠵᠤ᠂ ᠬᠦᠴᠢᠷᠳᠡᠯᠲᠡᠢ ᠨᠠᠰᠤᠲᠠᠶᠢᠴᠤᠳ ᠤᠨ ᠣᠯᠠᠨ ᠲᠠᠯ᠎ᠠ ᠶᠢᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠦᠢᠯᠡᠴᠢᠯᠡᠭᠡᠨ ᠤ ᠨᠠᠷᠢᠨ ᠪᠦᠷᠢᠳᠬᠡᠯ ᠶᠣᠰᠣᠭᠠᠷ ᠨᠠᠰᠤᠲᠠᠶᠢᠴᠤᠳ ᠢ ᠬᠠᠪᠰᠤᠷᠤᠨ ᠭᠡᠷ ᠲᠤᠨᠢ ᠣᠴᠢᠭᠤᠯᠵᠤ ᠪᠠᠴᠢᠮ ᠬᠦᠴᠢᠷᠲᠡᠢ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠬᠦᠯᠵᠦ᠂ ᠬᠠᠯᠠᠮᠵᠢᠯᠠᠳᠠᠭ ᠨᠢ ᠨᠠᠰᠤᠲᠠᠶᠢᠴᠤᠳ ᠤᠨ ᠰᠠᠶᠢᠨ ᠦᠨᠡᠯᠡᠯᠲᠡ ᠶᠢ ᠤᠯᠵᠤ᠂ ᠪᠦᠷᠢᠳᠭᠡᠯ ᠢ ᠦᠨᠳᠦᠰᠦᠯᠡᠪᠡᠯ 2022 ᠣᠨ ᠤ 6 ᠰᠠᠷ᠎ᠠ ᠳᠤ ᠡᠨᠡ ᠬᠦ ᠦᠢᠯᠡᠴᠢᠯᠡᠭᠡ ᠶᠢ ᠥᠷᠨᠢᠭᠦᠯᠦᠭᠰᠡᠨ ᠠᠴᠠ ᠨᠠᠰᠢ᠂ ᠭᠡᠷ ᠲᠤᠨᠢ ᠬᠦᠷᠴᠦ ᠦᠢᠯᠡᠴᠢᠯᠡᠭᠰᠡᠨ ᠨᠠᠰᠤᠲᠠᠶᠢᠴᠤᠳ 1900 ᠭᠠᠷᠤᠢ ᠬᠥᠮᠥᠨ ᠤᠳᠠᠭ᠎ᠠ ᠳᠤ ᠬᠦᠷᠴᠡᠢ᠃     ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠢᠨ ᠨᠠᠰᠤᠲᠠᠶᠢᠴᠤᠳ ᠲᠤ ᠨᠡᠩ ᠳᠥᠭᠦᠮ ᠦᠢᠯᠡᠴᠢᠯᠡᠭᠡ ᠬᠠᠩᠭᠠᠬᠤ ᠶᠢᠨ ᠲᠥᠯᠥᠭᠡ᠂ ᠡᠯ᠎ᠡ ᠨᠡᠶᠢᠭᠡᠮ ᠲᠣᠭᠤᠷᠢᠭ ᠲᠤ ᠪᠠᠰᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠭᠠᠷᠭᠠᠵᠤ᠂ ᠡᠭᠦᠨ ᠳᠤ ᠪᠠᠯᠭᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠳᠡᠭᠡ᠂ ᠬᠠᠨ ᠠᠭᠤᠯᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠳᠡᠭᠡ᠂ ᠪᠠᠶᠠᠨᠭᠤᠣᠯ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠳᠡᠭᠡ᠂ ᠪᠠᠶᠠᠨᠭᠤᠣᠯ ᠤᠨ ᠦᠢᠯᠡᠴᠢᠯᠡᠭᠡᠨ ᠤ ᠦᠷᠳᠡᠭᠡ᠂ ᠪᠠᠶᠠᠰᠤᠯ ᠨᠠᠰᠤᠲᠠᠶᠢᠴᠤᠳ ᠲᠤ ᠦᠢᠯᠡᠴᠢᠯᠡᠬᠦ ᠦᠢᠯᠡᠴᠢᠯᠡᠭᠡᠨ ᠤ ᠲᠥᠪ ᠵᠡᠷᠭᠡ ᠶᠢ ᠪᠠᠭᠳᠠᠭᠠᠳᠠᠭ᠃  ᠡᠶᠢᠨᠬᠦ ᠲᠤᠰ ᠲᠦᠪ ᠨᠢ ᠪᠠᠰᠠ‌ᠨᠡᠶᠢᠭᠡᠮ ᠲᠣᠭᠤᠷᠢᠭ ᠲᠠᠢ ᠬᠤᠯᠪᠤᠭᠠᠯᠠᠨ ᠨᠢᠭᠡ ᠪᠦᠯᠦᠭ ᠤᠷᠠᠨ ᠰᠠᠶᠢᠬᠠᠨ ᠤ ᠠᠵᠢᠯᠯᠠᠭ᠎ᠠ ᠪᠠ ᠡᠯ᠎ᠡ ᠲᠦᠷᠦᠯ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠠᠰᠤᠲᠠᠶᠢᠴᠤᠳ ᠲᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠪᠡᠯᠡ ᠮᠥᠩᠭᠦ ᠭᠠᠷᠭᠠᠨ ᠤᠷᠤᠯᠳᠤᠭᠠᠨ ᠤ ᠱᠠᠩᠨᠠᠯ ᠤᠨ ᠪᠣᠳᠠᠰ ᠪᠡᠯᠡᠳᠬᠡᠨ ᠦᠭᠴᠦ᠂ ᠨᠠᠰᠤᠲᠠᠶᠢᠴᠤᠳ ᠤᠨ ᠰᠤᠶᠤᠯ ᠤᠨ ᠠᠮᠢᠳᠤᠷᠠᠯ ᠢ  ᠪᠠᠶᠠᠯᠢᠭᠵᠢᠭᠤᠯᠬᠤ ᠶᠢᠨ ᠬᠠᠮᠳᠤ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯᠲᠠᠳ ᠢ ᠵᠣᠬᠢᠶᠠᠨ ᠪᠠᠶᠢᠭᠤᠯᠤᠨ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠮᠡᠳᠡᠯᠭᠡ᠂ ᠭᠠᠯ ᠢ ᠰᠡᠷᠭᠡᠶᠢᠯᠡᠬᠦ ᠮᠡᠳᠡᠯᠭᠡ ᠵᠢᠴᠢ ᠬᠡᠷᠡᠭᠯᠡᠭᠴᠢᠳ ᠤᠨ ᠡᠷᠬᠡ ᠠᠰᠢᠭ ᠢ ᠬᠡᠷᠬᠢᠨ ᠬᠠᠮᠠᠭᠠᠯᠠᠬᠤ ᠬᠠᠮᠢᠶᠠᠳᠠᠢ ᠰᠤᠷᠳᠠᠯ ᠤᠬᠠᠭᠤᠯᠭ᠎ᠠ ᠶᠢᠨ ᠠᠵᠢᠯ ᠢ ᠦᠷᠨᠢᠬᠦᠯᠵᠦ᠂ ᠨᠠᠰᠤᠲᠠᠶᠢᠴᠤᠳ ᠢ ᠭᠡᠷ ᠠᠴᠠ ᠪᠠᠨ ᠭᠠᠷᠬᠤ ᠦᠭᠡᠢ ᠪᠠᠷ ᠤᠯᠠᠨ ᠲᠠᠯ᠎ᠠ ᠶᠢᠨ ᠬᠠᠤᠯᠢ   ᠶᠢᠨ ᠮᠡᠳᠡᠯᠭᠡ ᠶᠢ ᠲᠦᠬᠡᠮᠡᠯᠵᠢᠬᠦᠯᠵᠦ᠂ ᠨᠠᠰᠤᠳᠠᠶᠢᠴᠤᠳ  ᠤᠨ ᠦᠳᠡᠯᠦᠬᠡ ᠨᠠᠰᠤ ᠪᠠᠨ ᠠᠮᠤᠷ ᠠᠮᠤᠭᠤᠯᠠᠩ ᠠᠵᠠ ᠵᠢᠷᠭᠠᠯ ᠲᠠᠢ ᠦᠩᠭᠡᠷᠡᠬᠦᠯᠬᠦ ᠳᠤ ᠨᠢ ᠲᠤᠰᠠ ᠲᠡᠮ ᠦᠵᠡᠬᠦᠯᠵᠦ ᠪᠤᠢ     ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠠᠴᠠ ᠪᠦᠬᠦ ᠬᠤᠰᠢᠭᠤᠨ ᠤ ᠬᠤᠲᠠ ᠪᠠᠯᠭᠠᠰᠤᠨ ᠤ ᠡᠷᠦᠬᠡ ᠠᠮᠠ ᠶᠢᠨ ᠳᠠᠩᠰᠠ ᠲᠠᠢ ᠨᠠᠰᠤᠲᠠᠶᠢᠴᠤᠳ ᠢ ᠳᠠᠶᠢᠴᠢᠯᠠᠵᠤ᠂ ᠲᠡᠳᠡᠨ ᠳᠤ ᠬᠤᠭᠤᠯᠠ ᠤᠮᠳᠠ᠂  ᠠᠷᠢᠭᠤᠨ ᠴᠡᠪᠡᠷ᠂ ᠤᠬᠢᠶᠠᠯᠭ᠎ᠠ᠂ ᠵᠤᠭ᠎ᠠ ᠴᠡᠩᠭᠡᠯ᠂ ᠬᠡᠷᠡᠭᠴᠡᠭᠡ ᠳᠤ ᠲᠤᠰᠠᠯᠠᠬᠤ᠂ ᠡᠮ ᠡᠮᠨᠡᠯᠭᠡ᠂ ᠠᠶᠠᠯᠠᠯ ᠳᠤ ᠲᠤᠰᠠᠯᠠᠬᠤ᠂ ᠪᠠᠴᠢᠮ ᠬᠡᠷᠡᠭᠴᠡᠭᠡ ᠳᠤ ᠲᠤᠰᠠᠯᠠᠬᠤ ᠵᠡᠷᠭᠡ ᠲᠤᠰᠬᠠᠢ ᠮᠡᠷᠭᠡᠵᠢᠯ ᠤᠨ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ᠂ ᠳᠡᠮᠵᠢᠯᠭᠡ ᠶᠢᠨ ᠴᠢᠨᠠᠷᠲᠠᠢ ᠦᠢᠯᠡᠴᠢᠯᠡᠭᠡ ᠬᠠᠩᠭᠠᠬᠤ  ᠶᠢᠨ ᠬᠠᠮᠳᠤ ᠨᠢᠭᠡᠳᠦᠯᠲᠡᠢ ᠬᠠᠮᠢᠶᠠᠷᠬᠤ᠂ ᠲᠤᠰᠬᠠᠶᠢᠵᠢᠭᠤᠯᠤᠨ ᠡᠵᠡᠩᠨᠡᠬᠦ᠂ ᠲᠤᠰᠠᠯᠠᠬᠤ ᠪᠠᠭᠠᠵᠢ ᠶᠢ ᠬᠠᠮᠲᠤᠪᠠᠷ ᠡᠳ᠋ᠯᠡᠬᠦ᠂ ᠨᠠᠶᠢᠳᠠᠯᠭ᠎ᠠ ᠶᠢᠨ ᠳᠣᠣᠷ᠎ᠠ ᠣᠷᠣᠯᠠᠨ ᠭᠦᠢᠴᠡᠳᠬᠡᠬᠦ᠂ ᠨᠢᠭᠡ ᠴᠣᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠬᠤᠳᠠ ᠪᠠᠯᠭᠠᠰᠤᠨ ᠤ ᠨᠠᠰᠤᠲᠠᠶᠢᠴᠤᠳ ᠤᠨ ︽ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠵᠢᠷᠭᠠᠯ ᠲᠠᠢ︾ ᠪᠠᠶᠢᠬᠤ ᠠᠰᠠᠷᠠᠮᠵᠢ  ᠶᠢᠨ ᠬᠡᠪ ᠵᠠᠭᠪᠤᠷ ᠨᠢ ᠨᠠᠰᠤᠲᠠᠶᠢᠴᠤᠳ ᠲᠤ ᠬᠢᠵᠠᠭᠠᠯᠠᠰᠢ ᠦᠭᠡᠢ ᠪᠠᠶᠠᠷ ᠪᠠᠶᠠᠰᠤᠯ ᠪᠠ ᠵᠣᠯ ᠵᠢᠷᠭᠠᠯ ᠤᠨ ᠲᠥᠷᠥᠭᠳᠡᠯ ᠤᠯᠭᠤᠭᠰᠠᠨ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ  ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠤᠲᠠ ᠶᠢᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠶᠢ ᠦᠷᠭᠦᠯᠵᠢᠯᠡᠨ ᠥᠷᠭᠡᠳᠬᠡᠨ ᠳᠡᠭᠡᠭᠰᠢᠯᠡᠭᠦᠯᠵᠦ᠂ ︽ᠲᠥᠪ ︱ ᠥᠷᠲᠡᠭᠡ ᠪᠠᠨ ᠳᠠᠭᠠᠭᠤᠯᠬᠤ ︱ ᠴᠡᠭ ᠢᠶᠠᠨ ᠬᠤᠯᠪᠣᠬᠤ ︱ ᠭᠡᠷ ᠲᠡᠭᠡᠨ ᠬᠦᠷᠬᠦ︾ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠣᠯᠠᠨ ᠲᠠᠰ ᠳᠠᠪᠬᠤᠷᠭ᠎ᠠ ᠶᠢᠨ᠂ ᠲᠤᠰᠬᠠᠶᠢᠵᠢᠭᠰᠠᠨ᠂ ᠨᠠᠷᠢᠯᠢᠭ ᠣᠨᠣᠴᠠᠲᠠᠢ ᠨᠠᠰᠤᠵᠢᠯ ᠤᠨ ᠦᠢᠯᠡᠴᠢᠯᠡᠭᠡ ᠶᠢ ᠲᠥᠷᠥᠯ ᠬᠤᠪᠢᠶᠠᠨ ᠬᠠᠩᠭᠠᠵᠤ᠂ ᠨᠠᠰᠤᠵᠢᠯ ᠤᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠂ ᠭᠡᠷ ᠪᠦᠯᠢ ᠳᠤ ᠣᠷᠣᠭᠤᠯᠬᠤ ᠶᠢ    ᠠᠬᠢᠭᠤᠯᠤᠨ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ  ᠨᠡᠪᠳᠡᠷᠡᠬᠦᠯᠬᠦ ᠪᠤᠯᠤᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠯᠢᠦ ᠴᠢ ᠰᠧᠨ᠄  ︽ᠮᠠᠨ ᠤ ᠲᠥᠪ 2002 ᠣᠨ ᠤ 5 ᠰᠠᠷ᠎ᠠ ᠶᠢᠨ 8 ᠤ ᠡᠳᠦᠷ ᠪᠠᠶᠢᠭᠤᠯᠤᠭᠳᠠᠵᠤ᠂ ᠪᠥᠬᠦ ᠨᠠᠰᠤᠲᠠᠶᠢᠴᠤᠳ ᠲᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠵᠤ᠂ ᠵᠢᠷᠭᠤᠭᠠᠨ ᠲᠥᠷᠥᠯ ᠤᠨ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠳᠠᠭ  ᠃  ᠨᠠᠰᠤᠲᠠᠶᠢᠴᠤᠳ ᠲᠤ ᠨᠠᠩ ᠲᠥᠬᠦᠮ᠂ ᠨᠠᠩ ᠲᠦᠷᠭᠡᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠡᠯ᠎ᠡ ᠨᠡᠶᠢᠭᠡᠮ ᠲᠣᠭᠤᠷᠢᠭ ᠲᠤ ᠪᠠᠰᠠ ᠭᠡᠷ ᠪᠦᠯᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠶᠢᠷ᠎ᠠ ᠬᠠᠪᠢ ᠳᠠᠭᠠᠨ  ᠦᠢᠯᠡᠴᠢᠯᠡᠭᠡ ᠶᠢ ᠭᠥᠷᠳᠡᠵᠦ ᠪᠣᠯᠣᠨ᠎ᠠ᠂ ᠢᠯᠠᠩᠭᠤᠶ᠎ᠠ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ︽ᠵᠢᠷᠭᠤᠭᠠᠨ ᠲᠥᠷᠥᠯ︾ ᠤᠨ ᠨᠠᠰᠤᠲᠠᠳ ᠮᠠᠨ ᠤ ᠦᠢᠯᠡᠴᠢᠯᠡᠭᠡ ᠳᠤ ᠴᠥᠮ ᠨᠡᠯᠢᠶᠡᠳ ᠬᠠᠨᠤᠮᠵᠢᠲᠠᠶ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ ᠤᠬᠠᠭᠤᠯᠭ᠎ᠠ ᠶᠢᠨ ᠡᠷᠴᠢᠮ ᠪᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢᠨ ᠳ᠋ᠤᠭᠠᠷ᠂ ᠣᠬᠤᠷ ᠪᠢᠴᠢᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠣᠷᠤᠯᠴᠠᠯᠭ᠎ᠠ ᠶᠢ ᠥᠷᠭᠡᠳᠬᠡᠨ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠰᠣᠨᠢᠷᠬᠠᠯ ᠢ ᠴᠤᠭᠯᠠᠭᠤᠯᠵᠤ᠂ ᠨᠠᠰᠤᠲᠠᠶᠢᠴᠤᠳ ᠤᠨ ᠦᠢᠯᠡᠴᠢᠯᠡᠭᠡᠨ ᠤ ᠴᠢᠳᠠᠪᠤᠷᠢᠲᠠᠨ ᠤ ᠪᠠᠶᠢᠭᠤᠯᠤᠯᠲᠠ ᠶᠢ  ᠴᠢᠩᠭᠠᠳᠬᠠᠨ᠂ ᠣᠯᠠᠨ ᠲᠠᠯ᠎ᠠ ᠪᠠᠷ ᠬᠠᠮᠲᠤᠷᠠᠨ ᠠᠵᠢᠯᠯᠠᠵᠤ᠂ ᠦᠨ᠎ᠡ ᠥᠷᠲᠡᠭ ᠢ ᠬᠠᠮᠲᠤ ᠪᠠᠷ ᠡᠭᠦᠳᠴᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ   ᠲᠤ ᠨᠠᠩ  ᠦᠢᠯᠡᠴᠢᠯᠡᠭᠡ  ᠬᠠᠩᠭᠠᠬᠤ ᠪᠠᠷ ᠴᠢᠷᠮᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号