ᠮᠠᠯᠴᠢᠨ ᠪᠦᠰᠡᠬᠦᠢ ᠶᠢᠨ ᠤᠷᠠᠯᠠᠭᠰᠠᠨ ᠲᠤᠷᠭᠠᠨ ᠴᠡᠴᠡᠭ ᠵᠠᠬ᠎ᠠ ᠲᠡᠯᠭᠡᠭᠦᠷ ᠲᠤ
ᠨᠡᠶᠢᠲᠡᠯᠡᠭᠰᠡᠨ ᠴᠠᠭ᠄
2024/5/6
    ᠡᠷᠳᠡᠨᠢᠬᠤᠸᠠᠷ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠱᠠᠤᠲᠦ ᠭᠠᠴᠠᠭᠠᠨ ᠤ ᠡᠭᠡᠯ ᠵᠢᠷ ᠤᠨ ᠮᠠᠯᠴᠢᠨ ᠪᠦᠰᠡᠬᠦᠢ᠂ ᠲᠡᠷᠡ ᠮᠠᠯᠵᠢᠬᠤ ᠠᠮᠢᠳᠤᠷᠠᠯ ᠦᠢᠯᠡᠳᠪᠦᠷᠢᠯᠡᠯ ᠢᠶᠠᠨ ᠠᠮᠵᠢᠭᠤᠯᠬᠤ ᠶᠢᠨ ᠲᠠᠭᠠᠤ ᠲᠤᠤᠷ ᠰᠦᠯᠵᠢᠶ᠎ᠡ ᠶᠢ ᠴᠢᠳᠠᠪᠤᠷᠢᠯᠢᠭ ᠠᠰᠢᠭᠯᠠᠨ ᠰᠢᠨ᠎ᠡ ᠮᠡᠷᠭᠡᠵᠢᠯ ᠰᠤᠷᠴᠤ ᠡᠵᠡᠮᠰᠢᠨ᠂ ᠦᠨᠳᠦᠰᠦᠲᠡᠨ ᠤ ᠤᠨᠴᠠᠯᠢᠭᠲᠤ ᠲᠤᠷᠭᠠᠨ ᠴᠡᠴᠡᠭ ᠬᠢᠵᠦ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠭᠦᠯᠵᠦ ᠶᠠᠪᠤᠭ᠎ᠠ ᠨᠢ ᠰᠤᠷᠪᠤᠯᠵᠢᠯᠠᠭᠴᠢ  ᠮᠢᠨᠦ ᠠᠩᠬᠠᠷᠤᠯ ᠳᠤ ᠬᠦᠷᠴᠦ ᠪᠢᠯᠡ᠃    ︽ᠠᠵᠢᠯᠴᠢ ᠠᠶᠢᠯ ᠢ ᠠᠷᠭᠠᠯ ᠠᠴᠠ ᠨᠢ ᠬᠠᠷᠠ︾  ᠬᠡᠳᠡᠭᠴᠢᠯᠡᠨ ᠰᠢᠨᠡᠬᠡᠨ ᠬᠤᠷᠢᠮᠯᠠᠭᠰᠠᠨ ᠵᠠᠯᠠᠭᠤᠬᠠᠨ ᠬᠤᠤᠰ ᠤᠨ 170  ᠲᠡᠭᠰᠢ ᠲᠦᠷᠪᠡᠯᠵᠢᠨ ᠲᠠᠯᠠᠪᠠᠢ ᠪᠦᠬᠦᠢ ᠴᠡᠪᠡᠷ ᠴᠡᠮᠴᠡᠭᠡᠷ ᠤᠳᠤ ᠮᠠᠶ᠋ᠢᠭ ᠤᠨ ᠤᠷᠤᠨ ᠰᠠᠭᠤᠴᠠ᠂ ᠫᠧᠩ ᠬᠤᠷᠤᠭ᠎ᠠ ᠂ ᠵᠢᠭᠳᠡᠷᠡᠬᠦᠯᠵᠦ ᠲᠠᠯᠪᠢᠭᠰᠠᠨ ᠮᠠᠰᠢᠨ ᠪᠠᠭᠠᠵᠢ ᠠᠴᠠ ᠠᠪᠤᠭᠠᠳ ᠬᠢᠯᠡ ᠴᠢᠯᠡ ᠴᠡᠪᠡᠷᠯᠡᠭᠰᠡᠨ ᠡᠷᠬᠢᠨ ᠲᠤᠭᠤᠷᠢᠨ ᠠᠴᠠ ᠨᠢ ᠵᠠᠯᠠᠭᠤᠬᠠᠨ ᠪᠦᠰᠡᠬᠦᠢ ᠶᠢᠨ ᠠᠵᠢᠯᠴᠢ ᠬᠦᠳᠡᠯᠮᠦᠷᠢᠴᠢ ᠴᠢᠨᠡᠭᠡᠯᠢᠭ ᠠᠮᠢᠳᠤᠷᠠᠯ ᠲᠠᠢ ᠭᠡᠳᠡᠭ ᠨᠢ ᠦᠵᠡᠮᠡᠭᠴᠡ ᠭᠠᠳᠠᠷᠯᠠᠭᠳᠠᠨ᠎ᠠ
       ᠰᠤᠷᠪᠤᠯᠵᠢᠯᠠᠭ᠎ᠠ ᠲᠤᠮᠳᠠ ᠤᠶᠢᠯᠠᠭᠠᠭᠰᠠᠨ ᠢᠶᠠᠷ ᠡᠳᠡᠨᠡᠶᠢᠬᠢᠨ ᠦᠪᠡᠷ ᠤᠨ ᠪᠠ ᠪᠤᠰᠤᠳ ᠠᠴᠠ ᠲᠦᠷᠢᠶᠡᠰᠦᠯᠡᠭᠰᠡᠨ ᠨᠡᠶᠢᠲᠡ 1320 ᠮᠦ ᠨᠤᠳᠤᠭ ᠪᠡᠯᠴᠢᠭᠡᠷ ᠲᠡᠭᠡᠨ 40 ᠭᠠᠷᠤᠢ ᠰᠢᠯᠢᠳᠡᠭ ᠡᠬᠦᠯᠲᠡᠷ ᠤᠨ ᠰᠢᠮᠧᠨ᠋ᠲ᠋ᠧᠷ ᠦᠬᠡᠷ ᠢ ᠨᠤᠳᠤᠭ  ᠤᠨ ᠲᠠᠭᠠᠭᠠᠴᠠᠨ ᠳᠠᠭᠠᠨ ᠵᠤᠬᠢᠴᠠᠭᠤᠯᠤᠨ ᠲᠠᠷᠭᠤ ᠬᠦᠴᠦᠲᠠᠢ ᠠᠷᠠᠴᠢᠯᠠᠨ ᠮᠠᠯᠵᠢᠵᠤ᠂ ᠨᠦᠬᠦᠷ ᠰᠦᠷᠲᠦ ᠲᠠᠢ ᠪᠠᠨ ᠬᠤᠶᠠᠭᠤᠯᠠ ᠰᠠᠨᠠᠭ᠎ᠠ ᠵᠤᠷᠢᠯᠭ᠎ᠠ ᠨᠢᠭᠡᠳᠦᠨ᠂ ᠠᠵᠠ ᠵᠢᠷᠭᠠᠯᠲᠤ ᠴᠢᠨᠡᠭᠡᠯᠢᠭ ᠠᠮᠢᠳᠤᠷᠠᠯ ᠢᠶᠠᠨ ᠴᠤᠭᠴᠠᠯᠠᠵᠦ ᠶᠠᠭᠠᠷᠠᠨ᠎ᠠ᠃
        ︽ᠵᠦᠭᠡᠷ ᠰᠠᠭᠤᠬᠤ ᠪᠠᠷ ᠵᠦᠯᠬᠦᠵᠦ ᠰᠠᠭᠤ︾ ᠭᠡᠳᠡᠭᠴᠢᠯᠡᠨ᠂ ᠡᠳᠡᠨᠡᠶᠢᠬᠢᠨ ᠡᠪᠦᠯ ᠡᠷᠲᠡ ᠶᠢᠨ ᠲᠦᠯ ᠲᠤᠰᠳᠠᠭ  ᠠᠴᠠ ᠬᠠᠪᠤᠷ ᠤᠨ ᠬᠠᠰᠢᠶᠠᠯᠭ᠎ᠠ ᠶᠢᠨ ᠴᠠᠭ ᠲᠤ ᠦᠭᠡᠷ ᠢᠶᠠᠨ ᠬᠤᠶᠠᠷ ᠴᠠᠭ ᠪᠤᠷᠳᠤᠨ ᠲᠡᠵᠢᠭᠡᠳᠡᠭ ᠠᠴᠠ ᠪᠤᠰᠤᠳ ᠴᠠᠭ ᠲᠤ ᠲᠡᠳᠦᠢ ᠶᠠᠭᠠᠷᠠᠤ ᠪᠠᠶᠢᠳᠠᠭ ᠦᠭᠡᠢ ᠲᠤᠯᠡ ᠡᠷᠳᠡᠨᠢᠬᠤᠸᠠᠷ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ᠂ ᠶᠠᠭᠤ ᠨᠢᠭᠡ ᠶᠢ ᠬᠢᠵᠦ᠂ ᠠᠵᠤ ᠠᠮᠢᠳᠤᠷᠠᠯ ᠳᠠᠭᠠᠨ ᠨᠡᠮᠡᠷᠢ ᠪᠤᠯᠭᠠᠬᠤ ᠪᠤᠳᠤᠯ ᠠᠴᠠ ᠨᠡᠶᠢᠭᠡᠮ ᠤᠨ ᠬᠦᠭᠵᠢᠯᠲᠡ ᠶᠢ ᠲᠠᠭᠠᠯᠳᠤᠨ ᠬᠦᠮᠦᠰ ᠤᠨ ᠷᠤᠮᠠᠨᠲ᠋ᠢᠭ ᠠᠮᠢᠳᠤᠷᠠᠯ ᠤᠨ ᠬᠦᠬᠡᠬᠡᠴᠡᠯᠳᠦᠯ ᠨᠡᠮᠡᠭᠳᠡᠮ᠎ᠡ ᠲᠡᠭᠡᠭᠰᠢᠯᠡᠵᠦ  ᠪᠠᠶᠢᠭ᠎ᠠ ᠠᠰᠢᠭᠲᠠᠢ ᠲᠤᠬᠢᠶᠠᠯ   ᠳᠤ ᠵᠤᠬᠢᠴᠠᠭᠤᠯᠤᠨ ᠂ ᠲᠤᠤᠷ ᠰᠦᠯᠵᠢᠶ᠎ᠡ ᠶᠢ ᠠᠰᠢᠭᠯᠠᠨ ᠲᠤᠷᠭᠠᠨ ᠴᠡᠴᠡᠭ ᠬᠢᠬᠦ ᠮᠡᠷᠭᠡᠵᠢᠯ ᠢ ᠰᠤᠷᠤᠯᠴᠠᠨ᠂ ᠰᠦᠯᠵᠢᠶᠡᠨ ᠠᠴᠠ ᠭᠡᠷᠡᠭᠰᠡᠬᠦ ᠮᠠᠲ᠋ᠧᠷᠢᠶᠠᠯ ᠢᠶᠠᠨ ᠪᠦᠷᠢᠨᠰᠢᠬᠦᠯᠵᠦ᠂  ᠨᠤᠳᠤᠭ ᠤᠷᠤᠨ ᠤ ᠤᠨᠴᠠᠯᠢᠭ ᠲᠠᠢ  ᠶᠠᠩᠵᠤ ᠬᠡᠯᠪᠡᠷᠢ ᠤᠯᠠᠨ ᠶᠠᠩᠵᠤ   ᠶᠢᠨ ᠵᠢᠷᠤᠭ  ᠲᠦᠷᠰᠦ ᠶᠢ ᠤᠷᠠᠯᠠᠨ ᠰᠡᠳᠬᠢᠵᠦ᠂ ᠭᠤᠶᠢᠲᠠ ᠰᠠᠶᠢᠬᠠᠨ ᠴᠡᠴᠡᠭ ᠢ ᠲᠤᠷᠭ᠎ᠠ ᠪᠠᠷ ᠤᠷᠠᠯᠠᠵᠤ᠂ ᠠᠩᠬ᠎ᠠ ᠨᠠᠶᠢᠵᠠ  ᠶᠢᠨ ᠲᠤᠭᠤᠷᠢᠭ   ᠲᠠᠭᠠᠨ ᠬᠤᠳᠠᠯᠳᠤᠨ ᠡᠲᠦᠷ ᠲᠤᠳᠤᠮ ᠤᠨ ᠵᠠᠷᠤᠯᠭ᠎ᠠ ᠳᠠᠭᠠᠨ ᠨᠡᠮᠡᠷᠢ ᠪᠤᠯᠭᠠᠵᠤ ᠪᠠᠶᠢᠭᠰᠠᠨ ᠢᠶᠠᠨ ᠬᠢᠬᠦ ᠲᠤᠳᠤᠮ ᠡᠪ ᠲᠦᠢ ᠳᠤᠨᠢ ᠤᠷᠤᠵᠤ᠂ ᠤᠷᠤᠯᠭ᠎ᠠ ᠨᠢ ᠨᠡᠮᠡᠭᠳᠡᠭᠡᠳ ᠢᠷᠡᠬᠦ ᠪᠠᠷ ᠤᠯᠠᠮ ᠤᠷᠮ᠎ᠠ ᠵᠤᠷᠢᠭ ᠲᠠᠢ ᠪᠤᠯᠤᠯ᠎ᠠ᠃ ᠢᠩᠭᠢᠭᠡᠳ ᠲᠡᠷᠡ ᠲᠤᠤᠷ ᠰᠦᠯᠵᠢᠶ᠎ᠡ ᠶᠢ ᠴᠢᠳᠠᠪᠤᠷᠢᠯᠢᠭ ᠰᠠᠶᠢᠬᠠᠨ ᠠᠰᠢᠭᠯᠠᠵᠤ᠂ ᠡᠭᠡᠯ  ᠪᠤᠷᠤᠬᠠᠨ ᠪᠦᠰᠡᠬᠦᠢ ᠶᠢᠨ ᠦᠨᠡᠨᠴᠢ ᠢᠳᠡᠭᠡᠯᠲᠦ ᠦᠢᠯᠡᠴᠢᠯᠡᠭᠡ᠂ ᠰᠢᠷᠭᠠᠭᠠᠤ ᠬᠠᠳᠠᠭᠤᠵᠢᠯᠲᠠᠢ ᠴᠢᠷᠮᠠᠶᠢᠯᠭ᠎ᠠ ᠪᠠᠷ ᠢᠶᠠᠨ ᠲᠠᠮᠵᠢᠨ ᠮᠠᠰᠢ ᠲᠦᠷᠬᠡᠨ ᠬᠡᠷᠡᠭᠯᠡᠭᠴᠢᠳ ᠤᠨ ᠠᠩᠬᠠᠷᠤᠯ ᠳᠤ ᠬᠦᠷᠴᠦ᠂ ᠤᠯᠠᠨ ᠤᠯᠠᠨ ᠵᠠᠬᠢᠶᠠᠯᠭ᠎ᠠ ᠲᠤᠰᠴᠤ᠂ ᠤᠬᠤᠷᠬᠠᠨ ᠰᠠᠷ᠎ᠠ ᠭᠠᠷᠤᠢ ᠶᠢᠨ ᠲᠤᠷᠰᠢ1000 ᠭᠠᠷᠤᠢ ᠪᠠᠭᠴᠠ ᠬᠤᠳᠠᠯᠳᠤᠨ᠂ ᠨᠠᠢᠮᠠ ᠮᠢᠩᠭ᠎ᠠ ᠭᠠᠷᠤᠢ ᠲᠦᠬᠦᠷᠢᠭ ᠤᠨ ᠤᠷᠤᠯᠭ᠎ᠠ ᠡᠬᠦᠳᠦᠨ᠂ ᠭᠡᠷᠡᠭᠯᠡᠭᠴᠢ ᠨᠢ ᠵᠦᠪᠬᠡᠨ ᠬᠤᠰᠢᠭᠤ ᠨᠤᠳᠤᠭ᠂ ᠵᠡᠷᠭᠡᠯᠡᠳᠡᠭᠡ ᠬᠤᠰᠢᠭᠤ ᠰᠢᠶᠠᠨ ᠪᠠᠶᠢᠭᠰᠠᠨ ᠠᠴᠠ ᠪᠠᠨ ᠰᠢᠯᠢᠩᠬᠤᠲᠠ᠂ ᠤᠯᠠᠭᠠᠨᠬᠠᠲᠠ᠂ ᠬᠦᠬᠡᠬᠤᠲᠠ ᠬᠦᠷᠲᠡᠯ᠎ᠡ ᠪᠤᠷᠤᠯᠠᠭᠤᠯᠤᠭᠳᠠᠭᠰᠠᠨ ᠶᠤᠮ᠃    ᠡᠶᠢᠨᠬᠦ ᠡᠷᠳᠡᠨᠢᠬᠤᠸᠠᠷ ᠲᠤᠷᠠᠳᠠᠢ ᠪᠠᠭ᠋ᠠᠲᠠᠢ ᠦᠢᠯᠡᠰ   ᠢᠶᠠᠷ ᠢᠶᠠᠨ ᠠᠵᠤ ᠠᠮᠢᠳᠤᠷᠠᠯ ᠢᠶᠠᠨ ᠴᠢᠮᠡᠵᠦ᠂ ᠴᠠᠭ ᠲᠤᠬᠢᠶᠠᠯ ᠢ ᠵᠠᠪᠳᠤᠨ᠂ ᠢᠳᠡᠭᠡᠯ ᠲᠦᠭᠦᠷᠡᠩ ᠡᠷᠡᠯᠭᠡᠭᠯᠡᠨ ᠤᠷᠤᠭᠰᠢᠯᠠᠵᠤ᠂ ᠢᠷᠡᠬᠦ ᠮᠠᠷᠭᠠᠰᠢ ᠳᠠᠭᠠᠨ ᠤᠯᠠᠨ ᠰᠠᠶᠢᠬᠠᠨ ᠲᠦᠰᠦᠪ ᠲᠦᠯᠦᠪᠯᠡᠭᠡ ᠲᠠᠢ ᠠᠵᠠ ᠵᠢᠷᠭᠠᠯᠲᠤ ᠠᠮᠢᠳᠤᠷᠠᠯ ᠢᠶᠠᠨ  ᠱᠤᠭᠤᠵᠤ ᠬᠢᠯᠠᠷᠠᠭᠤᠯᠤᠨ᠎ᠠ᠃            
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号