ᠳᠠᠯ᠎ᠠ ᠨᠤᠳᠤᠭ ᠨᠢ ᠠᠮᠢ ᠠᠬᠤᠢ ᠶᠢᠨ ᠰᠢᠰᠲ᠋ᠧᠮ ᠤᠨ ᠴᠢᠬᠤᠯᠨ ᠪᠦᠷᠢᠯᠳᠤᠬᠦᠨ ᠪᠤᠯᠤᠭᠰᠠᠨ ᠤ ᠬᠤᠪᠢ | ᠳᠤ᠂ ᠳᠠᠯ᠎ᠠ ᠨᠤᠳᠤᠭ ᠤᠨ ᠡᠷᠡᠬᠦᠯ ᠪᠦᠭᠡᠳ ᠦᠷᠬᠦᠯᠵᠢᠯᠡᠬᠦᠶᠢᠴᠡ ᠬᠦᠭᠵᠢᠯᠳᠠ ᠨᠢ ᠮᠠᠯ ᠠᠵᠤ ᠠᠬᠤᠢ ᠶᠢ | ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢᠨ ᠠᠮᠤᠷ ᠳᠦᠪᠰᠢᠨ ᠢ ᠬᠠᠮᠠᠭᠠᠯᠠᠬᠤ ᠵᠢᠴᠢ ᠦᠨᠳᠤᠰᠤᠳᠠᠨ ᠤ | ᠪᠦᠯᠬᠦᠮᠳᠠᠯ ᠤᠨ ᠳᠤᠭᠳᠠᠭᠤᠨ ᠪᠠᠶᠢᠬᠤ ᠲᠠᠢ ᠲᠠᠢ ᠰᠢᠭᠤᠳ ᠬᠤᠯᠪᠤᠭᠳᠠᠨ᠎ᠠ᠃ ᠨᠤᠳᠤᠭ ᠪᠡᠯᠴᠢᠭᠡᠷ ᠤᠨ ᠳᠠᠭᠠᠭᠠᠴᠠ | ᠠᠴᠠ ᠭᠡᠳᠦᠷᠡᠳᠦᠯᠡ ᠮᠠᠯᠵᠢᠬᠤ ᠠᠰᠠᠭᠤᠳᠠᠯ ᠢ ᠰᠢᠢᠳᠪᠤᠷᠢᠯᠡᠬᠦ ᠶᠢ ᠳᠦᠯᠬᠢᠨ ᠠᠬᠢᠭᠤᠯᠵᠤ᠂ ᠳᠠᠯ᠎ᠠ ᠨᠤᠳᠤᠭ ᠤᠨ ᠠᠮᠢ | ᠠᠬᠤᠢ ᠶᠢᠨ ᠰᠡᠷᠬᠦᠯᠳᠠ ᠪᠤᠯᠤᠨ ᠮᠠᠯ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠳᠤᠰᠠᠳᠠ᠂ | ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ ᠪᠤᠯᠤᠨ ︽ᠪᠠᠷᠠᠭᠤᠨ ᠦᠵᠤᠮᠤᠴᠢᠨ ᠬᠤᠰᠢᠭᠤᠨ ᠤ ᠨᠤᠳᠤᠭ | ᠪᠡᠯᠴᠢᠭᠡᠷ ᠤᠨ ᠳᠠᠭᠠᠭᠠᠴᠠ ᠠᠴᠠ ᠭᠡᠳᠦᠷᠡᠳᠦᠯᠡ ᠮᠠᠯᠵᠢᠬᠤ ᠠᠰᠠᠭᠤᠳᠠᠯ ᠢ ᠰᠢᠢᠳᠪᠤᠷᠢᠯᠡᠬᠦ ᠳᠤᠷᠰᠢᠯᠳᠠ ᠶᠢᠨ ᠴᠡᠭ | ᠤᠨ ᠳᠦᠰᠦᠯ︾ ᠢ ᠦᠨᠳᠤᠰᠤᠯᠠᠨ᠂ ᠨᠢᠭᠡ ᠰᠢᠷᠢᠰ ᠬᠢᠨᠠᠨ ᠬᠠᠮᠢᠶᠠᠷᠬᠤ ᠠᠷᠭ᠎ᠠ ᠭᠡᠮᠵᠢᠶ᠎ᠡ ᠳᠤᠭᠳᠠᠭᠠᠪᠠ᠄ | ᠨᠢᠭᠡ᠂ ᠮᠠᠯ ᠪᠡᠯᠴᠢᠭᠡᠷ ᠤᠨ ᠳᠠᠩᠴᠡᠬᠦᠷᠢ ᠶᠢ ᠪᠠᠳᠤᠯᠠᠬᠤ ᠤᠷᠤᠨ ᠳᠤ ᠨᠤᠲᠤᠭ ᠪᠡᠯᠴᠢᠭᠡᠷ ᠤᠨ ᠳᠠᠭᠠᠭᠠᠡᠴᠡ | ᠠᠴᠠ ᠭᠡᠳᠦᠷᠡᠳᠦᠯᠡ ᠮᠠᠯᠵᠢᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠨ᠎ᠠ᠃ | ᠮᠠᠨ ᠤ ᠬᠤᠰᠢᠭᠤᠨ ᠤ ᠮᠠᠯ ᠪᠡᠯᠴᠢᠭᠡᠷ ᠤᠨ ᠳᠠᠩᠴᠡᠬᠦᠷᠢ ᠶᠢ ᠪᠠᠳᠤᠯᠠᠬᠤ ᠤᠷᠤᠨ ᠤ ᠳᠠᠯᠠᠪᠠᠢ ᠨᠢ 2637. | 34 ᠳᠦᠮᠡᠨ ᠮᠤ᠋ ᠪᠠᠶᠢᠨ᠎ᠠ᠃ ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠤᠭᠤᠷᠢᠨ ᠤ ᠳᠤᠭᠳᠠᠭᠤᠨ ᠢ | ᠪᠠᠳᠤᠯᠠᠬᠤ ᠶᠢᠨ ᠳᠤᠰᠠᠳᠠ᠂ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠭᠡᠮᠵᠢᠶ᠎ᠡ ᠶᠢ 260.17 | ᠳᠦᠮᠡᠨ ᠬᠤᠨᠢᠴᠢᠯᠠᠭᠰᠠᠨ ᠨᠢᠭᠡᠴᠡ ᠭᠡᠵᠤ ᠰᠢᠨᠵᠢᠯᠡᠬᠦ ᠤᠬᠠᠭᠠᠨᠴᠢ ᠪᠠᠷ ᠨᠤᠳᠠᠯᠠᠨ ᠳᠤᠭᠳᠠᠭᠠᠵᠠᠢ᠃ ᠪᠡᠯᠴᠢᠭᠡᠷ ᠤᠨ | ᠳᠠᠭᠠᠭᠠᠴᠠ ᠶᠢᠨ ᠬᠡᠮᠵᠢᠶ᠎ᠡ ᠠᠴᠠ 10% ᠠᠴᠠ ᠳᠡᠭᠡᠭᠰᠢ ᠭᠡᠳᠦᠷᠡᠬᠦᠯᠤᠨ ᠪᠡᠯᠴᠢᠭᠡᠷᠯᠡᠬᠦᠯᠦᠭᠰᠡᠨ ᠮᠠᠯᠴᠢᠨ ᠡᠷᠦᠭᠡ ᠶᠢ | ︽ᠦᠪᠤᠷ ᠮᠤᠩᠭᠤᠯ ᠤᠨ ᠦᠪᠡᠷᠳᠠᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠳᠠᠩᠴᠡᠬᠦᠷᠢ ᠶᠢ ᠪᠠᠳᠤᠯᠠᠬᠤ ᠪᠠ | ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠭᠡᠬᠦ ᠳᠦᠷᠢᠮ︾ ᠤᠨ ᠭᠤᠴᠢᠨ ᠳᠠᠪᠤᠳᠤᠭᠠᠷ ᠵᠤᠷᠪᠤᠰ ᠤᠨ | ᠳᠤᠭᠳᠠᠭᠠᠯ ᠢ ᠦᠨᠳᠤᠰᠤᠯᠠᠨ᠂ ᠰᠤᠮᠤ ᠪᠠᠯᠭᠠᠰᠤᠨ ᠤ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ | ᠳᠤᠪᠴᠢᠶᠡᠨ ᠠᠴᠠ ᠳᠠᠭᠠᠭᠠᠴᠠ ᠠᠴᠠ ᠭᠡᠳᠦᠷᠡᠭᠰᠡᠨ ᠬᠤᠨᠢᠴᠢᠯᠠᠭᠰᠠᠨ ᠨᠢᠭᠡᠴᠢ ᠪᠦᠷᠢ ᠶᠢ 100 ᠳᠦᠬᠦᠷᠢᠭ ᠢᠶᠠᠷ | ᠳᠤᠷᠭᠤᠨᠠ᠃ ᠳᠤᠰ ᠠᠵᠢᠯᠯᠠᠭ᠎ᠠ ᠶᠢᠨ ᠵᠤᠷᠢᠯᠭ᠎ᠠ ᠨᠢ ᠮᠠᠯᠴᠢᠨ ᠡᠷᠦᠭᠡ ᠶᠢ ᠤᠳᠤᠷᠢᠳᠤᠨ ᠮᠠᠯ ᠠᠵᠤ ᠠᠬᠤᠢ ᠶᠢᠨ | ᠦᠢᠯᠡᠳᠪᠤᠷᠢᠯᠡᠯ ᠢᠶᠠᠨ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠮᠠᠯ ᠪᠡᠯᠴᠢᠭᠡᠷ ᠤᠨ ᠳᠠᠩᠴᠡᠬᠦᠷᠢ ᠶᠢ | ᠪᠠᠳᠤᠯᠠᠨ᠂ ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠨ᠎ᠠ᠃ | ᠬᠤᠶᠠᠷ᠂ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠪᠤᠯᠤᠨ ᠪᠡᠯᠴᠢᠭᠡᠷ ᠰᠡᠷᠬᠦᠭᠡᠬᠦ ᠬᠤᠭᠤᠴᠠᠭᠠᠨ ᠳᠠᠬᠢ | ᠬᠠᠮᠢᠶᠠᠷᠤᠯᠳᠠ ᠪᠠᠨ ᠴᠢᠩᠭᠠᠳᠬᠠᠨ᠎ᠠ᠃ | ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠪᠤᠯᠤᠨ ᠪᠡᠯᠴᠢᠭᠡᠷ ᠰᠡᠷᠬᠦᠭᠡᠬᠦ ᠬᠤᠭᠤᠴᠠᠭ᠎ᠠ ᠪᠤᠯ ᠳᠠᠯ᠎ᠠ ᠨᠤᠳᠤᠭ | ᠤᠨ ᠠᠮᠢ ᠠᠬᠤᠢ ᠶᠢᠨ ᠰᠢᠰᠲ᠋ᠧᠮ ᠢ ᠰᠡᠷᠬᠦᠭᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ᠮᠠᠨ ᠤ ᠬᠤᠰᠢᠭᠤᠨ ᠤ | ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠤ ᠳᠠᠯᠠᠪᠠᠢ 354.57 ᠳᠦᠮᠡᠨ ᠮᠤ᠋ ᠪᠠᠶᠢᠵᠤ᠂ ᠪᠡᠯᠴᠢᠭᠡᠷ ᠰᠡᠷᠬᠦᠭᠡᠬᠦ | ᠬᠤᠭᠤᠴᠠᠭ᠎ᠠ ᠨᠢ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 19 ᠤ ᠡᠳᠦᠷ ᠬᠦᠷᠳᠠᠯ᠎ᠠ᠃ ᠡᠨᠡᠬᠦ | ᠬᠤᠭᠤᠴᠠᠭᠠᠨ ᠳᠤ᠂ ᠳᠤᠭᠳᠠᠭᠠᠯ ᠠᠴᠠ ᠵᠦᠷᠢᠴᠡᠨ ᠮᠠᠯ ᠪᠡᠯᠴᠢᠭᠡᠷᠯᠡᠬᠦᠯᠬᠦ ᠠᠯᠢᠪᠠ ᠦᠢᠯᠨ ᠠᠵᠢᠯᠯᠠᠭ᠎ᠠ ᠳᠤ ᠴᠦᠮ | ᠴᠢᠩᠭ᠎ᠠ ᠴᠤᠬᠢᠯᠳᠠ ᠦᠭᠭᠦᠨ᠎ᠡ᠃ ︽ᠦᠪᠤᠷ ᠮᠤᠩᠭᠤᠯ ᠤᠨ ᠦᠪᠡᠷᠳᠠᠭᠡᠨ ᠵᠠᠰᠠᠬᠤ ᠤᠷᠤᠨ ᠤ ᠮᠠᠯ ᠪᠡᠯᠴᠢᠭᠡᠷ ᠤᠨ | ᠳᠠᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠭᠡᠬᠦ ᠳᠦᠷᠢᠮ︾ ᠤᠨ ᠭᠤᠴᠢᠨ | ᠳᠠᠪᠤᠳᠤᠭᠠᠷ ᠵᠤᠷᠪᠤᠰ ᠤᠨ ᠳᠤᠭᠳᠠᠭᠠᠯ ᠢ ᠦᠨᠳᠤᠰᠤᠯᠠᠨ᠂ ᠰᠤᠮᠤ ᠪᠠᠯᠭᠠᠰᠤᠨ ᠤ ᠶᠡᠷᠤᠩᠭᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠭᠡᠷᠡᠭᠵᠢᠬᠦᠯᠬᠦ ᠳᠤᠪᠴᠢᠶᠡᠨ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ ᠬᠠᠤᠯᠢ ᠵᠦᠷᠢᠴᠡᠨ | ᠪᠡᠯᠴᠢᠭᠡᠷᠯᠡᠬᠦᠯᠦᠭᠰᠡᠨ ᠮᠠᠯ ᠢ ᠬᠤᠨᠢᠴᠢᠯᠠᠭᠰᠠᠨ ᠨᠢᠭᠡᠴᠡ ᠪᠦᠷᠢ ᠶᠢ 120 ᠳᠦᠬᠦᠷᠢᠭ ᠢᠶᠠᠷ ᠳᠤᠷᠭᠤᠨᠠ᠃ ᠡᠬᠦᠨ ᠤ | ᠬᠠᠮᠳᠤ᠂ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠪᠤᠯᠤᠨ ᠪᠡᠯᠴᠢᠭᠡᠷ ᠰᠡᠷᠬᠦᠭᠡᠬᠦ ᠬᠤᠭᠤᠴᠠᠭᠠᠨ ᠳᠠᠬᠢ | ᠳᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠳᠠᠯ᠎ᠠ ᠨᠤᠳᠤᠭ ᠤᠨ ᠠᠮᠢ ᠠᠬᠤᠢ ᠶᠢᠨ ᠪᠦᠷᠢᠨ ᠬᠦᠢᠴᠡᠳ | ᠰᠡᠷᠬᠦᠬᠦ ᠶᠢ ᠪᠠᠳᠤᠯᠠᠨ᠎ᠠ᠃ | ᠭᠤᠷᠪᠠ᠂ ᠭᠠᠳᠠᠨ᠎ᠠ ᠠᠴᠠ ᠤᠷᠤᠭᠤᠯᠬᠤ ᠴᠢᠨᠠᠷᠳᠠᠢ ᠳᠠᠭᠠᠭᠠᠴᠠ ᠠᠴᠠ ᠭᠡᠳᠦᠷᠡᠬᠦᠯᠤᠨ ᠮᠠᠯᠵᠢᠬᠤ ᠠᠰᠠᠭᠤᠳᠠᠯ | ᠢ ᠰᠡᠷᠭᠡᠶᠢᠯᠡᠨ᠎ᠡ᠃ | ᠬᠦᠷᠰᠢ ᠵᠡᠷᠭᠡᠯᠡᠳᠡᠭᠡ ᠭᠠᠵᠠᠷ ᠤᠷᠤᠨ ᠠᠴᠠ ᠮᠠᠯ ᠤᠷᠤᠭᠤᠯᠵᠤ ᠳᠠᠭᠠᠭᠠᠴᠠ ᠠᠴᠠ ᠭᠡᠳᠦᠷᠡᠬᠦᠯᠤᠨ ᠮᠠᠯᠵᠢᠬᠤ | ᠠᠰᠠᠭᠤᠳᠠᠯ ᠳᠤ ᠬᠠᠨᠳᠤᠭᠤᠯᠵᠤ᠂ ᠮᠠᠨ ᠤ ᠬᠤᠰᠢᠭᠤ ᠨᠢ ᠵᠠᠩᠭᠢᠯᠠᠭ᠎ᠠ ᠶᠢᠨ ᠭᠠᠵᠠᠷ ᠤᠷᠤᠨ ᠳᠤ 9 ᠬᠢᠵᠢᠭ | ᠪᠠᠶᠢᠴᠠᠭᠠᠬᠤ ᠦᠷᠳᠡᠭᠡ ᠪᠠᠶᠢᠭᠤᠯᠵᠤ᠂ ᠭᠠᠳᠠᠨ᠎ᠠ ᠤᠷᠤᠨ ᠤ ᠮᠠᠯ ᠤᠨᠤᠭ᠎ᠠ ᠳᠤ ᠬᠢᠵᠢᠭ ᠤᠨ ᠪᠠᠶᠢᠴᠠᠭᠠᠯᠳᠠ ᠬᠢᠵᠤ | ᠳᠤᠰᠠᠭᠠᠷᠯᠠᠬᠤ ᠶᠢ ᠬᠠᠷᠢᠭᠤᠴᠠᠨ᠎ᠠ᠃ ᠡᠳᠡᠭᠡᠷ ᠬᠢᠵᠢᠭ ᠪᠠᠶᠢᠴᠠᠭᠠᠬᠤ ᠦᠷᠳᠠᠭᠡᠨ ᠳᠤ ᠬᠠᠩᠭᠠᠯᠳᠠᠳᠠᠢ ᠠᠵᠢᠯᠳᠠᠨ | ᠳᠤᠬᠢᠷᠠᠭᠤᠯᠵᠤ᠂ 24 ᠴᠠᠭ ᠵᠢᠵᠢᠬᠦᠷᠯᠡᠬᠦ ᠳᠦᠷᠢᠮ ᠢ ᠭᠡᠷᠡᠭᠵᠢᠬᠦᠯᠤᠨ᠂ ᠳᠠᠯᠳᠠ ᠤᠷᠤᠰᠢᠵᠤ ᠪᠠᠶᠢᠭ᠎ᠠ ᠠᠰᠠᠭᠤᠳᠠᠯ ᠢ | ᠴᠠᠭ ᠳᠤᠬᠠᠢ ᠳᠤᠨᠢ ᠢᠯᠡᠷᠡᠬᠦᠯᠬᠦ ᠶᠢ ᠪᠠᠳᠤᠯᠠᠨ᠎ᠠ᠃ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠢᠳᠠᠨ ᠤ ᠬᠢᠵᠢᠭ ᠰᠡᠷᠭᠡᠶᠢᠯᠡᠬᠦ ᠬᠠᠤᠯᠢ︾ ᠪᠠ ︽ᠦᠪᠤᠷ ᠮᠤᠩᠭᠤᠯ ᠤᠨ ᠦᠪᠡᠷᠳᠠᠭᠡᠨ ᠵᠠᠰᠠᠬᠤ ᠤᠷᠤᠨ ᠤ ᠮᠠᠯ | ᠪᠡᠯᠴᠢᠭᠡᠷ ᠤᠨ ᠳᠠᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠭᠡᠬᠦ ᠳᠦᠷᠢᠮ︾ | ᠢ ᠦᠨᠳᠤᠰᠤᠯᠠᠨ᠂ ᠠᠮᠢᠳᠠᠨ ᠤ ᠬᠢᠵᠢᠭ ᠰᠡᠷᠭᠡᠶᠢᠯᠡᠬᠦ ᠠᠵᠢᠯᠯᠠᠭᠠᠨ ᠤ ᠬᠠᠮᠢᠶᠠᠷᠤᠯᠳᠠ ᠪᠠᠨ ᠴᠢᠩᠭᠠᠳᠬᠠᠵᠤ᠂ | ᠬᠤᠰᠢᠭᠤᠨ ᠤ ᠭᠠᠳᠠᠨᠠᠬᠢ ᠮᠠᠯ ᠢ ᠨᠤᠳᠤᠭ ᠲᠤ ᠪᠠᠨ ᠤᠷᠤᠭᠤᠯᠤᠨ ᠳᠠᠭᠠᠭᠠᠴᠠ ᠠᠴᠠ ᠭᠡᠳᠦᠷᠡᠬᠦᠯᠤᠨ ᠮᠠᠯᠵᠢᠬᠤ | ᠪᠤᠶᠤ ᠪᠤᠰᠤᠳ ᠤᠨ ᠨᠤᠳᠤᠭ ᠪᠡᠯᠴᠢᠭᠡᠷ ᠲᠤ ᠳᠠᠭᠠᠭᠠᠴᠠ ᠠᠴᠠ ᠭᠡᠳᠦᠷᠡᠬᠦᠯᠤᠨ ᠮᠠᠯᠵᠢᠬᠤ ᠶᠢ ᠬᠤᠷᠢᠭᠯᠠᠨ᠎ᠠ᠃ | ᠠᠮᠢᠳᠠᠨ ᠤ ᠬᠢᠵᠢᠭ ᠤᠨ ᠪᠠᠶᠢᠳᠠᠯ ᠢ ᠳᠠᠷᠬᠠᠭᠠᠬᠤ ᠪᠤᠶᠤ ᠭᠠᠳᠠᠨ᠎ᠠ ᠠᠴᠠ ᠤᠷᠤᠭᠤᠯᠬᠤ ᠴᠢᠨᠠᠷᠳᠠᠢ ᠳᠠᠭᠠᠭᠠᠴᠠ ᠠᠴᠠ | ᠭᠡᠳᠦᠷᠡᠬᠦᠯᠤᠨ ᠮᠠᠯᠵᠢᠬᠤ ᠠᠰᠠᠭᠤᠳᠠᠯ ᠢ ᠬᠠᠤᠯᠢ ᠶᠤᠰᠤᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠭᠡᠮᠵᠢᠯᠡᠵᠤ᠂ | ᠳᠠᠯ᠎ᠠ ᠨᠤᠳᠤᠭ ᠤᠨ ᠠᠮᠢ ᠠᠬᠤᠢ ᠶᠢᠨ ᠠᠮᠤᠷ ᠳᠦᠪᠰᠢᠨ ᠢ ᠪᠠᠳᠤᠯᠠᠨ᠎ᠠ᠃ | ᠳᠦᠷᠪᠡ᠂ ᠡᠪᠡᠰᠦ ᠬᠠᠳᠤᠵᠤ ᠬᠠᠳᠠᠭᠠᠯᠠᠬᠤ ᠠᠵᠢᠯ ᠢ ᠳᠦᠷᠢᠮᠵᠢᠬᠦᠯᠤᠨ᠎ᠠ᠃ | ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠶᠢᠨ ᠳᠤᠰᠠᠳᠠ᠂ ᠮᠠᠨ ᠤ | ᠬᠤᠰᠢᠭᠤ ᠨᠢ 673 ᠮᠤ᠋ ᠬᠠᠳᠤᠯᠡᠩ ᠤᠨ ᠪᠡᠯᠴᠢᠭᠡᠷ ᠢ ᠳᠦᠷᠢᠮᠵᠢᠬᠦᠯᠦᠨ ᠬᠠᠮᠢᠶᠠᠷᠪᠠ᠃ ᠡᠪᠡᠰᠦ ᠬᠠᠳᠤᠬᠤ ᠶᠠᠪᠤᠴᠠ | ᠳᠤ 20 ᠮᠧᠲᠷ ᠠᠴᠠ ᠳᠡᠭᠡᠭᠰᠢ ᠦᠷᠭᠡᠨ ᠡᠪᠡᠰᠦᠨ ᠦᠷ᠎ᠠ ᠶᠢᠨ ᠪᠦᠰᠠ ᠦᠯᠠᠳᠠᠭᠡᠵᠤ᠂ ᠡᠪᠡᠰᠦ ᠬᠠᠳᠤᠬᠤ ᠦᠶᠡᠰ | ᠡᠪᠡᠰᠦᠨ ᠤ ᠦᠨᠳᠦᠷ ᠤᠨ ᠬᠡᠮᠵᠢᠶ᠎ᠡ ᠶᠢ 6 ᠰᠨᠨᠲ᠋ᠢᠮᠧᠲᠷ ᠠᠴᠠ ᠠᠴᠠ ᠪᠤᠭᠤᠨᠢ ᠪᠠᠶᠢᠯᠭᠠᠵᠤ ᠪᠤᠯᠬᠤ ᠦᠭᠡᠢ᠃ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠨᠢ 30% ᠠᠴᠠ ᠳᠤᠷᠤᠭᠰᠢ ᠪᠤᠶᠤ ᠡᠪᠡᠰᠦᠨ ᠤ ᠳᠤᠮᠳᠠᠴᠢ ᠦᠨᠳᠦᠷ | ᠤᠨ ᠬᠡᠮᠵᠢᠶ᠎ᠡ ᠨᠢ 15 ᠰᠨᠨᠲ᠋ᠢᠮᠧᠲᠷ ᠠᠴᠠ ᠳᠤᠷᠤᠭᠰᠢ᠂ ᠬᠠᠭᠤᠷᠠᠢ ᠡᠪᠡᠰᠦᠨ ᠤ ᠭᠠᠷᠤᠯᠳᠠ ᠶᠢᠨ ᠬᠡᠮᠵᠢᠶ᠎ᠡ ᠨᠢ ᠮᠤ᠋ | ᠪᠦᠷᠢ 30 ᠺᠢᠯᠤᠭ᠍ᠷᠠᠮ ᠠᠴᠠ ᠳᠤᠷᠤᠭᠰᠢ ᠬᠠᠳᠤᠯᠠᠩ ᠢ ᠬᠠᠳᠤᠬᠤ ᠶᠢ ᠴᠠᠭᠠᠵᠠᠯᠠᠨ᠎ᠠ ᠭᠡᠵᠦ ᠲᠤᠭᠲᠠᠭᠠᠪᠠ᠃ ᠡᠬᠦᠨ | ᠠᠴᠠ ᠭᠠᠳᠠᠨ᠎ᠠ᠂ ᠪᠢᠳᠠ ᠪᠠᠰᠠ ᠡᠳᠦᠷ ᠳᠤᠳᠤᠮ ᠤᠨ ᠳᠤᠭᠤᠷᠢᠨ ᠪᠠᠶᠢᠴᠠᠭᠠᠯᠳᠠ ᠬᠢᠵᠤ ᠬᠢᠨᠠᠯᠳᠠ ᠳᠠᠯᠪᠢᠬᠤ ᠪᠠᠨ | ᠴᠢᠩᠭᠠᠳᠬᠠᠵᠤ᠂ ᠢᠯᠠᠩᠭᠤᠶ᠎ᠠ ᠰᠢᠯᠵᠢᠬᠦᠯᠦᠨ ᠭᠡᠷᠡᠭᠯᠡᠬᠦ ᠨᠤᠳᠤᠭ ᠪᠡᠯᠴᠢᠭᠡᠷ ᠲᠠᠬᠢ ᠬᠠᠮᠢᠶᠠᠷᠤᠯᠳᠠ ᠪᠠᠨ | ᠴᠢᠩᠭᠠᠳᠬᠠᠪᠠ᠃ ᠬᠤᠯᠪᠤᠭᠳᠠᠯ ᠪᠦᠬᠦᠢ ᠳᠦᠷᠢᠮ ᠳᠤᠭᠳᠠᠭᠠᠯ ᠢ ᠵᠢᠷᠤᠮᠯᠠᠬᠤ ᠦᠭᠡᠢ ᠡᠪᠡᠰᠦ ᠬᠠᠳᠤᠬᠤ ᠠᠵᠢᠯᠯᠠᠭ᠎ᠠ | ᠶᠢ ︽ᠦᠪᠤᠷ ᠮᠤᠩᠭᠤᠯ ᠤᠨ ᠦᠪᠡᠷᠳᠠᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠳᠠᠩᠴᠡᠬᠦᠷᠢ ᠶᠢ ᠪᠠᠳᠤᠯᠠᠬᠤ ᠪᠠ | ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠭᠡᠬᠦ ᠳᠦᠷᠢᠮ︾ ᠤᠨ ᠭᠤᠴᠢᠨ ᠭᠤᠷᠪᠠᠳᠤᠭᠠᠷ ᠵᠤᠷᠪᠤᠰ ᠤᠨ | ᠳᠤᠭᠳᠠᠭᠠᠯ ᠢ ᠦᠨᠳᠤᠰᠤᠯᠠᠨ᠂ ᠮᠤ᠋ ᠪᠦᠷᠢ ᠠᠴᠠ 200 ᠳᠦᠬᠦᠷᠢᠭ ᠠᠴᠠ ᠳᠡᠭᠡᠭᠰᠢ 500 ᠳᠦᠬᠦᠷᠢᠭ ᠠᠴᠠ | ᠳᠤᠷᠤᠭᠰᠢ ᠵᠤᠭᠤᠰ ᠢᠶᠠᠷ ᠳᠤᠷᠭᠤᠨᠠ᠃ | ᠳᠠᠪᠤ᠂ ᠰᠢᠯᠵᠢᠬᠦᠯᠦᠨ ᠭᠡᠷᠡᠭᠯᠡᠬᠦ ᠪᠡᠯᠴᠢᠭᠡᠷ ᠲᠠᠬᠢ ᠬᠠᠮᠢᠶᠠᠷᠤᠯᠳᠠ ᠪᠠᠨ ᠴᠢᠩᠭᠠᠳᠬᠠᠨ᠎ᠠ᠃ | ᠨᠤᠳᠤᠭ ᠪᠡᠯᠴᠢᠭᠡᠷ ᠢ ᠰᠢᠯᠵᠢᠬᠦᠯᠦᠨ ᠭᠡᠷᠡᠭᠯᠡᠬᠦ ᠳᠤ ᠡᠷᠭᠡᠪᠰᠢ ᠪᠠᠷᠠᠭᠤᠨ ᠦᠵᠤᠮᠤᠴᠢᠨ ᠬᠤᠰᠢᠭᠤᠨ ᠤ ᠨᠤᠳᠤᠭ | ᠪᠡᠯᠴᠢᠭᠡᠷ ᠢ ᠰᠢᠯᠵᠢᠬᠦᠯᠦᠨ ᠭᠡᠷᠡᠭᠯᠡᠬᠦ ᠦᠢᠯᠡᠴᠢᠯᠡᠭᠡᠨ ᠤ ᠳᠠᠪᠴᠡᠩ ᠢᠶᠠᠷ ᠳᠠᠮᠵᠢᠬᠤ ᠭᠡᠷᠡᠭᠳᠡᠢ᠃ ᠰᠢᠯᠵᠢᠬᠦᠯᠦᠨ | ᠭᠡᠷᠡᠭᠯᠡᠬᠦ ᠨᠤᠳᠤᠭ ᠪᠡᠯᠴᠢᠭᠡᠷ ᠢ ᠮᠠᠯ ᠪᠡᠯᠴᠢᠭᠡᠷᠯᠡᠬᠦᠯᠬᠦ ᠳᠤ ᠭᠡᠷᠡᠭᠯᠡᠬᠦ ᠳᠤ ᠡᠷᠭᠡᠪᠰᠢ ᠮᠠᠯ ᠪᠡᠯᠴᠢᠭᠡᠷ ᠤᠨ ᠳᠠᠩᠴᠡᠬᠦᠷᠢ | ᠶᠢᠨ ᠳᠦᠷᠢᠮ ᠢ ᠴᠢᠩᠭ᠎ᠠ ᠳᠤᠤᠱᠯᠠᠭᠤᠯᠵᠤ᠂ ᠳᠠᠯᠬᠢᠭᠳᠠᠯ ᠤᠨ ᠴᠢᠨᠠᠷᠳᠠᠢ ᠡᠵᠡᠩᠨᠡᠵᠤ ᠪᠤᠯᠬᠤ ᠦᠭᠡᠢ᠃ ᠬᠠᠳᠤᠯᠡᠩ | ᠤᠨ ᠤᠷᠤᠨ ᠢ ᠭᠡᠷᠡᠭᠯᠡᠬᠦ ᠳᠤ ᠡᠷᠭᠡᠪᠰᠢ ︽ᠪᠠᠷᠠᠭᠤᠨ ᠦᠵᠤᠮᠤᠴᠢᠨ ᠬᠤᠰᠢᠭᠤᠨ ᠤ ᠪᠠᠶᠢᠭᠠᠯᠢᠯᠢᠭ ᠬᠠᠳᠤᠯᠡᠩ ᠢ | ᠬᠠᠮᠢᠶᠠᠷᠬᠤ ᠠᠷᠭ᠎ᠠ︾ ᠶᠢ ᠦᠨᠳᠤᠰᠤᠯᠠᠨ ᠳᠤᠬᠢᠷᠠᠮᠵᠢᠳᠠᠢ ᠬᠠᠮᠠᠭᠠᠯᠠᠨ ᠠᠰᠢᠭᠯᠠᠬᠤ ᠭᠡᠷᠡᠭᠳᠡᠢ᠃ ᠨᠤᠳᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠬᠦᠯᠦᠨ ᠭᠡᠷᠡᠭᠯᠡᠬᠦ ᠬᠤᠶᠠᠷ ᠳᠠᠯ᠎ᠠ ᠶᠢᠨ ᠡᠷᠭᠡ ᠪᠠ ᠡᠬᠦᠷᠭᠡ | ᠶᠢ ᠳᠤᠳᠤᠷᠬᠠᠶᠢᠯᠠᠵᠤ᠂ ᠳᠠᠯ᠎ᠠ ᠨᠤᠳᠤᠭ ᠤᠨ ᠠᠮᠢ ᠠᠬᠤᠢ ᠳᠤ ᠬᠦᠨᠤᠭᠡᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ | ᠳᠦᠯᠦᠬᠦᠯᠵᠤ᠂ ᠳᠠᠯ᠎ᠠ ᠨᠤᠳᠤᠭ ᠤᠨ ᠤᠷᠴᠢᠨ ᠳᠤᠭᠤᠷᠢᠨ ᠤ ᠡᠬᠢ ᠪᠠᠶᠠᠯᠢᠭ ᠢ ᠬᠦᠨᠳᠤ ᠨᠤᠴᠢᠳᠠᠢ ᠡᠪᠳᠡᠭᠰᠡᠨ ᠪᠤᠯ | ᠬᠠᠤᠯᠢ ᠶᠤᠰᠤᠭᠠᠷ ᠬᠠᠷᠢᠭᠤᠴᠠᠯᠭ᠎ᠠ ᠨᠡᠭᠡᠮᠵᠢᠯᠡᠨ᠎ᠡ᠃ ᠡᠳᠡᠭᠡᠷ ᠠᠷᠭ᠎ᠠ ᠪᠠᠷᠢᠯ ᠢ ᠭᠡᠷᠡᠭᠵᠢᠬᠦᠯᠬᠦ ᠪᠠᠷ ᠳᠠᠮᠵᠢᠨ᠂ | ᠨᠤᠳᠤᠭ ᠪᠡᠯᠴᠢᠭᠡᠷ ᠢ ᠰᠢᠯᠵᠢᠬᠦᠯᠦᠨ ᠭᠡᠷᠡᠭᠯᠡᠬᠦ ᠬᠠᠤᠯᠢ ᠶᠤᠰᠤᠴᠢ ᠴᠢᠨᠠᠷ ᠪᠤᠯᠤᠨ ᠳᠦᠷᠢᠮᠵᠢᠯᠳᠤ ᠴᠢᠨᠠᠷ ᠢ | ᠪᠠᠳᠤᠯᠠᠵᠤ᠂ ᠳᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠤᠨ ᠳᠤᠭᠳᠠᠭᠤᠨ ᠪᠤᠯᠤᠨ ᠡᠷᠡᠬᠦᠯ ᠪᠠᠶᠢᠬᠤ ᠶᠢ | ᠬᠠᠮᠠᠭᠠᠯᠠᠨ᠎ᠠ᠃ | ᠵᠢᠷᠭᠤᠭ᠎ᠠ᠂ ᠭᠡᠭᠡᠷ᠎ᠡ ᠶᠢᠨ ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠠᠵᠢᠯᠯᠠᠭ᠎ᠠ ᠳᠤ ᠴᠤᠬᠢᠯᠳᠠ | ᠦᠭᠭᠦᠨ᠎ᠡ᠃ | ᠮᠠᠨ ᠤ ᠬᠤᠰᠢᠭᠤᠨ ᠤ ᠬᠢᠯᠢ ᠳᠤᠳᠤᠷ᠎ᠠ ᠳᠠᠯ᠎ᠠ ᠨᠤᠳᠤᠭ ᠤᠨ ᠭᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ | ᠬᠠᠮᠠᠭᠠᠯᠠᠨ᠂ ᠳᠠᠯ᠎ᠠ ᠨᠤᠳᠤᠭ ᠤᠨ ᠭᠡᠭᠡᠷ᠎ᠡ ᠶᠢᠨ ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠵᠤ᠂ ᠬᠤᠷᠢᠶᠡᠨ | ᠠᠪᠴᠤ᠂ ᠳᠠᠭᠡᠭᠡᠪᠤᠷᠢᠯᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠥᠭᠬᠦ ᠶᠢᠨ ᠳᠤᠯᠠᠳᠠ᠂ ︽ᠭᠡᠭᠡᠷ᠎ᠡ ᠶᠢᠨ ᠡᠮᠳᠤ | ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦ | ᠳᠤᠰᠬᠠᠢ ᠠᠵᠢᠯᠯᠠᠭ᠎ᠠ ᠶᠢ ᠦᠷᠨᠢᠬᠦᠯᠬᠦ ᠳᠤᠬᠠᠢ ᠭᠡᠷᠡᠭᠵᠢᠬᠦᠯᠬᠦ ᠳᠦᠰᠦᠯ︾ ᠢ ᠳᠤᠭᠳᠠᠭᠠᠬᠤ ᠶᠢᠨ ᠬᠠᠮᠳᠤ ᠤᠯᠠᠨ | ᠠᠵᠢᠯᠯᠠᠬᠤ ᠳᠤᠭᠤᠶᠢᠯᠡᠩ ᠪᠠᠶᠢᠭᠤᠯᠵᠤ ᠬᠠᠤᠯᠢ ᠭᠡᠷᠡᠭᠵᠢᠬᠦᠯᠬᠦ ᠬᠠᠮᠳᠤᠷᠠᠭᠰᠠᠨ ᠪᠠᠶᠢᠴᠠᠭᠠᠯᠳᠠ ᠦᠷᠨᠢᠬᠦᠯᠵᠤ᠂ ᠤᠯᠠᠨ | ᠵᠦᠢᠯ ᠤᠨ ᠠᠷᠭ᠎ᠠ ᠭᠡᠮᠵᠢᠶ᠎ᠡ ᠠᠪᠴᠤ᠂ ᠰᠡᠵᠢᠭᠯᠡᠯᠳᠡᠢ ᠬᠦᠮᠤᠰ᠂ ᠰᠡᠵᠢᠭᠯᠡᠯᠳᠡᠢ ᠳᠠᠷᠭᠡ ᠤᠨᠤᠭ᠎ᠠ ᠳᠤ ᠪᠠᠶᠢᠴᠠᠭᠠᠯᠳᠠ | ᠬᠢᠵᠤ᠂ ᠨᠢᠭᠡ ᠳᠠᠷᠭᠡ ᠨᠢᠭᠡ ᠬᠦᠮᠤᠨ ᠢ ᠴᠤ ᠤᠷᠬᠢᠭᠳᠠᠭᠤᠯᠬᠤ ᠦᠭᠡᠢ ᠪᠠᠶᠢᠬᠤ ᠪᠠᠷ ᠴᠢᠷᠮᠠᠶᠢᠪᠠ᠃ ᠭᠡᠭᠡᠷ᠎ᠡ ᠶᠢᠨ | ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠠᠵᠢᠯᠯᠠᠭ᠎ᠠ ᠳᠤ ᠬᠤᠯᠪᠤᠭᠳᠠᠯ ᠪᠦᠬᠦᠢ ᠬᠠᠤᠯᠢ ᠳᠦᠷᠢᠮ ᠢ | ᠦᠨᠳᠤᠰᠤᠯᠠᠨ᠂ ᠬᠠᠤᠯᠢ ᠪᠤᠰᠤ ᠤᠷᠤᠯᠭ᠎ᠠ ᠶᠢᠨ 10 ᠳᠠᠬᠢᠨ ᠠᠴᠠ ᠳᠡᠭᠡᠭᠰᠢ ᠵᠤᠭᠤᠰ ᠢᠶᠠᠷ ᠳᠤᠷᠭᠤᠵᠤ᠂ ᠪᠠᠶᠢᠳᠠᠯ | ᠨᠢ ᠬᠦᠨᠳᠤ ᠨᠤᠴᠢᠳᠠᠢ ᠪᠤᠯ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠦᠩᠭᠡᠨ ᠳᠠᠯ᠎ᠠ ᠪᠠ ᠦᠨᠳᠤᠰᠤ | ᠰᠤᠷᠪᠤᠯᠵᠢ ᠶᠢ ᠨᠢ ᠵᠡᠷᠭᠡᠪᠠᠷ ᠵᠠᠰᠠᠵᠤ᠂ ᠤᠷᠭᠤᠮᠠᠯ ᠤᠨ ᠬᠤᠴᠢᠯᠭ᠎ᠠ ᠶᠢ ᠰᠡᠷᠬᠦᠭᠡᠬᠦ ᠳᠦᠷᠢᠮ ᠢ ᠪᠦᠬᠦ ᠳᠠᠯ᠎ᠠ ᠪᠠᠷ | ᠭᠡᠷᠡᠭᠵᠢᠬᠦᠯᠤᠨ ᠴᠢᠩᠭ᠎ᠠ ᠨᠠᠶᠢᠳᠠᠪᠤᠷᠢᠵᠢᠭᠤᠯᠤᠨ᠎ᠠ᠃ ︽ᠰᠢᠯᠢ ᠶᠢᠨ ᠭᠤᠤᠯ ᠠᠶᠢᠮᠠᠭ ᠤᠨ ᠠᠮᠢ ᠠᠬᠤᠢ ᠶᠢᠨ ᠤᠷᠴᠢᠨ | ᠳᠤᠭᠤᠷᠢᠨ ᠢ ᠡᠪᠳᠠᠵᠤ ᠬᠤᠬᠢᠷᠠᠭᠤᠯᠤᠭᠰᠠᠨ ᠠᠵᠢᠯᠯᠠᠭ᠎ᠠ ᠠᠴᠠ ᠳᠦᠯᠦᠪᠤᠷᠢ ᠠᠪᠬᠤ ᠳᠦᠷᠢᠮ ᠤᠨ ᠦᠭᠡᠷᠡᠴᠢᠯᠠᠯᠳᠠ | ᠶᠢᠨ ᠭᠡᠷᠡᠭᠵᠢᠬᠦᠯᠬᠦ ᠳᠦᠰᠦᠯ︾ ᠢ ᠴᠢᠩᠭ᠎ᠠ ᠭᠡᠷᠡᠭᠵᠢᠬᠦᠯᠤᠨ᠎ᠠ᠃ ᠭᠡᠭᠡᠷ᠎ᠡ ᠶᠢᠨ ᠤᠷᠭᠤᠮᠠᠯ ᠢ ᠳᠤᠷ᠎ᠠ ᠪᠠᠷ ᠮᠠᠯᠳᠠᠭᠰᠠᠨ | ᠠᠴᠠ ᠪᠤᠯᠵᠤ ᠠᠮᠢ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠳᠠᠯ ᠳᠤ ᠴᠢᠭᠯᠡᠬᠦᠯᠤᠨ᠂ ᠠᠮᠢ ᠠᠬᠤᠢ ᠶᠢᠨ | ᠤᠷᠴᠢᠨ ᠳᠤᠭᠤᠷᠢᠨ ᠢ ᠡᠪᠳᠠᠵᠤ ᠬᠤᠬᠢᠷᠠᠭᠤᠯᠤᠭᠰᠠᠨ ᠠᠵᠢᠯᠯᠠᠭ᠎ᠠ ᠶᠢᠨ ᠳᠦᠯᠦᠪᠤᠷᠢ ᠶᠢ ᠪᠠᠶᠢᠴᠠᠭᠠᠬᠤ᠂ ᠬᠢᠨᠠᠨ | ᠲᠤᠭᠲᠠᠭᠠᠵᠣ ᠦᠨᠡᠯᠡᠨ ᠵᠢᠱᠢᠬᠦ ᠠᠵᠢᠯ ᠢ ᠦᠷᠨᠢᠬᠦᠯᠦᠭᠰᠡᠨ ᠰᠠᠭᠤᠷᠢᠨ ᠳᠠᠭᠡᠷ᠎ᠡ᠂ ᠡᠪᠳᠡᠭᠳᠡᠭᠰᠡᠨ ᠤᠷᠭᠤᠮᠠᠯ ᠤᠨ | ᠬᠤᠴᠢᠯᠭ᠎ᠠ ᠶᠢᠨ ᠳᠦᠷᠦᠯ ᠵᠦᠢᠯ᠂ ᠪᠤᠳᠠᠳᠠᠢ ᠡᠪᠳᠡᠭᠳᠡᠭᠰᠡᠨ ᠳᠠᠯᠠᠪᠠᠢ ᠵᠡᠷᠭᠡ ᠶᠢ ᠳᠤᠭᠳᠠᠭᠠᠵᠤ᠂ ᠠᠮᠢ ᠠᠬᠤᠢ ᠶᠢᠨ | ᠤᠷᠴᠢᠨ ᠳᠤᠭᠤᠷᠢᠨ ᠢ ᠰᠡᠷᠬᠦᠭᠡᠬᠦ ᠵᠠᠷᠤᠳᠠᠯ᠂ ᠠᠮᠢ ᠠᠬᠤᠢ ᠶᠢᠨ ᠤᠷᠴᠢᠨ ᠳᠤᠭᠤᠷᠢᠨ ᠢ ᠰᠡᠷᠬᠦᠭᠡᠬᠦ ᠬᠤᠭᠤᠴᠠᠭᠠᠨ | ᠳᠠᠬᠢ ᠦᠢᠯᠡᠴᠢᠯᠡᠭᠡᠨ ᠤ ᠴᠢᠳᠠᠮᠵᠢ ᠶᠢᠨ ᠬᠤᠬᠢᠷᠠᠯ᠂ ᠠᠮᠢ ᠠᠬᠤᠢ ᠶᠢᠨ ᠤᠷᠴᠢᠨ ᠳᠤᠭᠤᠷᠢᠨ ᠤ ᠴᠢᠳᠠᠮᠵᠢ ᠶᠢᠨ | ᠦᠨᠢᠳᠠ ᠶᠢᠨ ᠴᠢᠨᠠᠷᠳᠠᠢ ᠬᠤᠬᠢᠷᠠᠯ ᠵᠡᠷᠭᠡ ᠶᠢ ᠬᠢᠨᠠᠨ ᠳᠤᠭᠳᠠᠭᠠᠵᠤ᠂ ᠬᠠᠤᠯᠢ ᠶᠤᠰᠤᠭᠠᠷ ᠳᠦᠯᠦᠬᠦᠯᠬᠦ ᠪᠠᠷ | ᠱᠠᠭᠠᠷᠳᠠᠵᠤ᠂ ᠴᠢᠨᠠᠭᠰᠢᠯᠠᠪᠠᠯ ᠵᠠᠭᠠᠯᠳᠤᠯᠭ᠎ᠠ ᠬᠢᠵᠤ᠂ ᠬᠠᠤᠯᠢ ᠠᠴᠠ ᠵᠦᠷᠢᠴᠡᠭᠰᠡᠨ ᠡᠳᠡᠭᠡᠳ ᠤᠨ ᠭᠡᠭᠡᠷ᠎ᠡ ᠶᠢᠨ | ᠤᠷᠭᠤᠮᠠᠯ ᠤᠨ ᠳᠤᠷ᠎ᠠ ᠪᠠᠷ ᠮᠠᠯᠳᠠᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢᠨ ᠦᠪᠡᠷ ᠤᠨ ᠦᠷᠳᠡᠭ ᠢ ᠤᠯᠠᠮ | ᠨᠢᠭᠡ ᠠᠯᠬᠤᠮ ᠳᠡᠭᠡᠭᠰᠢᠯᠡᠬᠦᠯᠵᠤ᠂ ᠪᠦᠳᠦᠮᠵᠢᠳᠠᠢ ᠰᠦᠷᠳᠠᠬᠦᠯᠤᠯ ᠢ ᠪᠤᠢ ᠪᠤᠯᠭᠠᠪᠠ᠃ ᠡᠳᠡᠭᠡᠷ ᠠᠵᠢᠯᠯᠠᠭ᠎ᠠ ᠶᠢ | ᠭᠡᠷᠡᠭᠵᠢᠬᠦᠯᠬᠦ ᠪᠠᠷ ᠳᠠᠮᠵᠢᠭᠤᠯᠤᠨ᠂ ᠭᠡᠭᠡᠷ᠎ᠡ ᠶᠢᠨ ᠡᠮᠳᠤ ᠤᠷᠭᠤᠮᠠᠯ ᠢ ᠬᠠᠤᠯᠢ ᠪᠤᠰᠤ ᠪᠠᠷ ᠮᠠᠯᠳᠠᠬᠤ ᠠᠵᠢᠯᠯᠠᠭ᠎ᠠ ᠶᠢ | ᠡᠷᠡᠰ ᠬᠤᠷᠢᠭᠯᠠᠵᠤ᠂ ᠳᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠳᠦᠨ ᠴᠢᠨᠠᠷ ᠪᠤᠯᠤᠨ | ᠤᠯᠠᠨ ᠶᠠᠩᠵᠤᠳᠤ ᠴᠢᠨᠠᠷ ᠢ ᠬᠠᠮᠠᠭᠠᠯᠠᠪᠠ᠃ | ᠳᠠᠭᠡᠷᠡᠬᠢ ᠬᠢᠨᠠᠨ ᠬᠠᠮᠢᠶᠠᠷᠬᠤ ᠠᠷᠭ᠎ᠠ ᠭᠡᠮᠵᠢᠶ᠎ᠡ ᠶᠢ ᠨᠠᠶᠢᠳᠠᠪᠤᠷᠢᠵᠢᠭᠤᠯᠤᠨ ᠭᠡᠷᠡᠭᠵᠢᠬᠦᠯᠬᠦ ᠪᠠᠷ ᠳᠠᠮᠵᠢᠨ᠂ ᠮᠠᠨ | ᠤ ᠬᠤᠰᠢᠭᠤᠨ ᠤ ᠨᠤᠳᠤᠭ ᠪᠡᠯᠴᠢᠭᠡᠷ ᠤᠨ ᠳᠠᠭᠠᠭᠠᠴᠠ ᠠᠴᠠ ᠭᠡᠳᠦᠷᠡᠬᠦᠯᠤᠨ ᠮᠠᠯᠵᠢᠬᠤ ᠠᠰᠠᠭᠤᠳᠠᠯ ᠢ | ᠰᠢᠢᠳᠪᠤᠷᠢᠯᠡᠬᠦ ᠠᠵᠢᠯ ᠢ ᠬᠦᠨᠵᠡᠭᠡᠶᠢᠷᠡᠬᠦᠯᠤᠨ ᠠᠬᠢᠭᠤᠯᠵᠤ᠂ ᠳᠠᠯ᠎ᠠ ᠨᠤᠳᠤᠭ ᠤᠨ ᠠᠮᠢ ᠠᠬᠤᠢ ᠶᠢᠨ | ᠦᠷᠬᠦᠯᠵᠢᠯᠡᠬᠦᠶᠢᠴᠡ ᠬᠦᠭᠵᠢᠯᠳᠠ ᠶᠢ ᠠᠬᠢᠭᠤᠯᠬᠤ ᠪᠤᠯᠤᠨ᠎ᠠ᠃ | | | | |