ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠭᠦᠷᠴᠦ ᠢᠷᠡᠬᠦ ᠳᠠᠰᠢᠷᠠᠮ ᠢᠶᠠᠷ᠂ ᠥᠷᠭᠡᠨ | ᠤᠯᠠᠨ ᠮᠠᠯᠴᠢᠨ ᠲᠥᠮᠡᠨ ᠤ ᠤᠶᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠠᠯᠠᠭᠤᠴᠤᠳ ᠤᠨ ᠪᠡᠶ᠎ᠡ | ᠰᠡᠳᠬᠢᠯ ᠤᠨ ᠡᠷᠡᠬᠦᠯ ᠮᠡᠨᠳᠦ ᠶᠢ ᠴᠢᠩᠭᠠᠳᠬᠠᠵᠤ᠂ ᠪᠦᠯᠬᠦᠮᠳᠠᠯ ᠨᠢᠭᠲᠠᠷᠠᠯ ᠤᠨ ᠬᠦᠴᠦᠨ ᠪᠠ ᠵᠣᠷᠢᠭ ᠰᠠᠨᠠᠭ᠎ᠠ ᠶᠢ | ᠳᠡᠭᠡᠭᠰᠢᠯᠡᠭᠦᠯᠬᠦ ᠶᠢᠨ ᠲᠤᠰᠠᠳᠠ᠂ 4 ᠰᠠᠷ᠎ᠠ ᠶᠢᠨ 28 ᠤ ᠡᠳᠦᠷ᠂ ᠵᠢᠷ ᠤᠨ ᠭᠤᠥᠯ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠤᠨ ᠠᠴᠠ ᠭᠤᠤᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠥᠯ | ᠪᠥᠮᠪᠦᠭᠡ ᠶᠢᠨ ᠨᠡᠶᠢᠭᠡᠮᠯᠢᠭ ᠠᠴᠠ ᠬᠠᠪᠰᠤᠷᠤᠨ ᠡᠷᠬᠢᠯᠡᠭᠰᠡᠨ ᠵᠢᠷ ᠤᠨ ᠭᠤᠥᠯ ᠪᠠᠯᠭᠠᠰᠤᠨ ᠤ ︽ᠠᠨᠠᠷ ᠤᠨ ᠦᠷ᠎ᠡ | ᠰᠢᠭ ᠰᠡᠳᠬᠢᠯ ᠨᠢᠭᠡᠳᠦᠨ ᠬᠦᠰᠡᠯᠡᠩ ᠢᠶᠠᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ | ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠶ᠎ᠡ︾ ᠭᠤᠥᠯ ᠰᠡᠳᠦᠪᠲᠦ ︽ᠲᠠᠪᠤᠨ ᠰᠠᠷ᠎ᠠ ᠶᠢᠨ ᠳᠥᠷᠪᠡᠨ︾ ᠤ | ᠵᠠᠯᠠᠭᠤᠴᠤᠳ ᠤᠨ ᠪᠠᠶᠠᠷ ᠢ ᠪᠡᠯᠭᠡᠯᠡᠬᠦ ᠬᠥᠳᠡᠯᠭᠡᠭᠡᠨ ᠵᠢᠴᠢ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ | ᠬᠤᠨᠳᠠᠭᠠᠲᠤ︾ ᠲᠠᠪᠤᠨ ᠬᠥᠮᠥᠨ ᠤ ᠳᠥᠷᠢᠮᠲᠦ ᠬᠥᠯ ᠪᠥᠮᠪᠦᠭᠡᠨ ᠤ ᠤᠷᠤᠯᠳᠤᠭᠠᠨ ᠨᠢ ᠬᠤᠰᠢᠭᠤ ᠬᠥᠯ ᠪᠥᠮᠪᠦᠭᠡᠨ | ᠣᠷᠳᠣᠨ ᠳᠤ ᠶᠠᠪᠤᠭᠳᠠᠪᠠ᠃ ᠪᠥᠬᠦ ᠪᠠᠯᠭᠠᠰᠤᠨ ᠤ 12 ᠲᠥᠯᠥᠭᠡᠯᠡᠭᠴᠢᠳ ᠤᠨ ᠠᠩᠭᠢ ᠶᠢᠨ 100 ᠭᠠᠷᠤᠢ ᠬᠥᠮᠥᠨ | ᠤᠷᠤᠯᠳᠤᠭᠠᠨ ᠳᠤ ᠤᠷᠤᠯᠴᠠᠪᠠ᠃ | ᠲᠠᠯᠠᠪᠠᠢ ᠳᠤ᠂ ᠲᠠᠮᠢᠷᠴᠢᠨ ᠪᠣᠯᠭᠠᠨ ᠴᠥᠮ ᠪᠥᠬᠦ ᠬᠦᠴᠦᠨ ᠢᠶᠠᠷ ᠲᠡᠮᠡᠴᠡᠵᠦ᠂ ᠥᠪᠡᠷ ᠤᠨ ᠬᠦᠴᠦ | ᠬᠥᠯᠦᠰᠦ ᠪᠠ ᠴᠢᠷᠮᠠᠶᠢᠯᠭ᠎ᠠ ᠪᠠᠷ ᠢᠶᠠᠨ ︽ᠵᠤᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠥᠷᠢᠰᠦᠯᠳᠦᠬᠦ︾ | ᠵᠠᠯᠠᠭᠤᠴᠤᠳ ᠤᠨ ᠬᠡᠪ ᠰᠤᠷᠲᠠᠯ ᠢ ᠢᠯᠡᠷᠡᠭᠦᠯᠵᠠᠢ᠃ | ᠲᠤᠰ ᠤᠳᠠᠭᠠᠨ ᠤ ︽5·4︾ ᠤ ᠵᠠᠯᠠᠭᠤᠴᠤᠳ ᠤᠨ ᠬᠥᠯ ᠪᠥᠮᠪᠦᠭᠡ ᠶᠢᠨ ᠤᠷᠤᠯᠳᠤᠭᠠᠨ ᠢ ᠠᠮᠵᠢᠯᠲᠠ | ᠲᠠᠢ ᠡᠷᠬᠢᠯᠡᠭᠰᠡᠨ ᠨᠢ ᠵᠠᠯᠠᠭᠤᠴᠤᠳ ᠤᠨ ᠪᠦᠯᠬᠦᠮᠳᠠᠯ ᠨᠢᠭᠲᠠᠷᠠᠯ ᠤᠨ ᠬᠦᠴᠦᠨ ᠪᠠ ᠬᠠᠮᠵᠢᠯᠴᠠᠬᠤ ᠵᠣᠷᠢᠭ ᠰᠠᠨᠠᠭ᠎ᠠ | ᠶᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠦ ᠵᠠᠯᠠᠭᠤᠴᠤᠳ ᠤᠨ ᠬᠠᠯᠠᠭᠤᠨ ᠰᠡᠳᠬᠢᠯᠭᠡ ᠪᠠ ᠲᠡᠮᠡᠴᠡᠯ | ᠤᠨ ᠵᠣᠷᠢᠭ ᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠠᠢ᠃ |