ᠪᠠᠷᠠᠭᠤᠨ ᠦᠵᠦᠮᠦᠴᠢᠨ ᠬᠤᠰᠢᠭᠤ 226 ᠨᠠᠷ᠎ᠠ ᠬᠥᠳᠡᠯᠮᠦᠷᠢᠴᠢᠨ ᠢ ᠪᠤᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/5/6
    4 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ᠂ ᠨᠠᠮ ᠢᠶᠠᠨ ᠲᠠᠭᠠᠵᠦ ·  ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠤᠶ᠎ᠠ ︱ ᠬᠥᠳᠡᠯᠮᠦᠷᠢ ᠶᠢ ᠭᠦᠨᠳᠣᠳᠬᠡᠨ᠂ ᠠᠵᠢᠯᠲᠠᠨ ᠠᠵᠢᠯᠴᠢᠨ ᠢ ᠬᠠᠯᠠᠮᠵᠢᠯᠠᠶ᠎ᠠ︾ ᠭᠡᠬᠦ ᠪᠥᠬᠦ ᠠᠶᠢᠮᠠᠭ ᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠲᠣᠬᠤᠨᠢᠭᠤᠯᠬᠤ ᠵᠢᠴᠢ ᠨᠡᠶᠢᠲᠡ  ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠪᠠ᠃     ᠠᠵᠢᠯᠯᠠᠭᠠᠨ ᠤ ᠲᠤᠬᠠᠢ ᠶᠢᠨ ᠲᠠᠯᠠᠪᠠᠶ ᠳᠤ᠂ ᠪᠦᠬᠦ ᠬᠤᠰᠢᠭᠤᠨ ᠤ ᠲᠦᠷᠭᠡᠨ ᠭᠤᠪᠢᠭᠤᠯᠭ᠎ᠠ ᠬᠦᠷᠭᠡᠭᠴᠢ᠂ ᠠᠴᠢᠶᠠᠨ ᠤ ᠮᠠᠰᠢᠨ ᠤ ᠵᠢᠯᠣᠭᠤᠴᠢ᠂ ᠲᠦᠷᠬᠡᠨ ᠬᠤᠭᠤᠯᠠ ᠬᠦᠷᠭᠡᠭᠴᠢ ᠵᠡᠷᠭᠡ ᠰᠢᠨ᠎ᠡ ᠬᠡᠯᠪᠡᠷᠢ ᠶᠢᠨ ᠬᠥᠳᠡᠯᠮᠦᠷᠢᠴᠢᠳ ᠲᠤ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠤ ᠠᠵᠢᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠲᠡᠳᠡᠨ  ᠢ ᠴᠢᠷᠮᠠᠶᠢᠨ ᠠᠵᠢᠯᠯᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ  ᠢᠶᠠᠨ ᠳᠡᠭᠡᠳᠦᠯᠡᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠡᠢ᠃     ᠣᠶᠢᠯᠠᠭᠠᠭᠰᠠᠨ ᠢᠶᠠᠷ᠂ ᠲᠣᠰ ᠤᠳᠠᠭ᠎ᠠ ᠨᠡᠶᠢᠲᠡ 226 ᠨᠠᠷ᠎ᠡ ᠬᠥᠳᠡᠯᠮᠦᠷᠢᠴᠢᠨ ᠢ ᠲᠣᠬᠤᠨᠢᠭᠤᠯᠵᠤ᠂ 2.26 ᠲᠦᠮᠡᠨ ᠲᠥᠭᠦᠷᠢᠭ ᠤᠨ ᠲᠣᠬᠤᠨᠢᠭᠤᠯᠬᠤ ᠪᠣᠳᠠᠰ ᠭᠦᠷᠬᠡᠵᠡᠢ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ︽ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠰᠠᠭᠤᠨ ᠯᠠᠪᠯᠠᠬᠤ ᠴᠡᠭ︾     ᠲᠤᠬᠢᠷᠠᠭᠤᠯᠤᠨ᠂ ᠥᠷᠭᠡᠨ ᠣᠯᠠᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ︾᠂ ︽ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠭᠠᠷ ᠳᠡᠪᠲᠡᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢᠨ ᠳᠦᠷᠢᠮ︾᠂ ︽ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠭᠠᠷ ᠳᠡᠪᠲᠡᠷ︾ ᠤᠨ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠢ ᠨᠡᠶᠢᠲᠡ 1000 ᠭᠠᠷᠤᠢ ᠬᠤᠪᠢ ᠲᠠᠷᠬᠠᠭᠠᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠰᠢᠤᠳᠠᠨ ᠤ ᠺᠣᠮᠫᠠᠨᠢ ᠶᠢᠨ ᠲᠦᠷᠭᠡᠨ ᠭᠤᠪᠢᠭᠤᠯᠭ᠎ᠠ ᠬᠦᠷᠭᠡᠭᠴᠢ ᠰᠢ ᠢᠦᠢ ᠵᠧᠨ᠄ ︽ᠥᠨᠥᠳᠥᠷ ᠲᠣᠬᠤᠨᠢᠭᠤᠯᠬᠤ ᠪᠣᠳᠠᠰ ᠢ ᠬᠦᠯᠢᠶᠡᠨ ᠠᠪᠤᠯ᠎ᠠ᠂ ᠠᠵᠢᠯᠴᠢᠨ ᠤ ᠡᠪᠯᠡᠯ ᠤᠨ ᠬᠠᠯᠠᠮᠵᠢᠯᠠᠯ ᠬᠠᠷᠠᠭᠠᠯᠵᠠᠯ ᠳᠤ ᠲᠠᠯᠠᠷᠬᠠᠵᠤ ᠪᠠᠶᠢᠨ᠎ᠠ᠂ ᠡᠨᠡ ᠪᠣᠯ ᠮᠠᠨ ᠤ ᠬᠥᠳᠡᠯᠮᠦᠷᠢᠴᠢᠨ ᠠᠷᠠᠳ ᠲᠦᠮᠡᠨ ᠢ ᠵᠣᠷᠢᠭᠵᠢᠭᠤᠯᠵᠤ ᠪᠠᠶᠢᠭ᠎ᠠ ᠶᠠᠪᠤᠳᠠᠯ ᠮᠥᠨ᠂ ᠲᠠ ᠪᠦᠬᠦᠨ ᠳᠤ ᠲᠠᠯᠠᠷᠬᠠᠵᠤ ᠪᠠᠶᠢᠨ᠎ᠠ᠃      ᠮᠧᠢ ᠲᠤᠸᠠᠨ ᠵᠠᠬᠢᠶᠠᠯᠠᠭ᠎ᠠ ᠶᠢᠨ ᠬᠤᠭᠤᠯᠠ ᠭᠦᠷᠬᠡᠭᠴᠢ ᠯᠢᠦ ᠰᠢᠶᠣᠣ ᠽᠧ  ᠄ ︽ᠠᠵᠢᠯᠴᠢᠨ ᠤ ᠡᠪᠯᠡᠯ ᠤᠨ ᠮᠠᠨ ᠤ ᠦᠨᠳᠦᠰᠦᠨ ᠱᠠᠲᠤᠨ ᠤ ᠵᠠᠬᠢᠶᠠᠯᠠᠭ᠎ᠠ ᠶᠢᠨ ᠬᠤᠭᠤᠯᠠ ᠬᠦᠷᠭᠡᠳᠡᠭ ᠬᠥᠮᠥᠰ ᠢ ᠲᠣᠬᠤᠨᠢᠭᠤᠯᠵᠤ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠂ ᠶᠡᠭᠡ ᠲᠠᠯᠠᠷᠬᠠᠵᠤ ᠪᠠᠶᠢᠨ᠎ᠠ᠂ ᠵᠢᠯ ᠪᠦᠷᠢ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠵᠢᠴᠢ ᠡᠯ᠎ᠡ ᠪᠠᠶᠠᠷ ᠤᠨ ᠡᠳᠦᠷ ᠪᠢᠳᠡᠨ ᠤ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠦᠨᠳᠦᠰᠦᠨ ᠱᠠᠲᠤᠨ ᠤ ᠬᠥᠳᠡᠯᠮᠦᠷᠢᠴᠢᠳ ᠢ ᠮᠠᠷᠲᠠᠬᠤ ᠦᠭᠡᠢ  ᠂  ᠪᠢᠳᠠᠨ ᠢ ᠬᠠᠷᠭᠠᠯᠵᠠᠵᠦ ᠬᠠᠯᠠᠮᠵᠢᠯᠠᠵᠦ ᠪᠠᠶᠢᠭ᠎ᠠ  ᠠᠵᠢᠯᠴᠢᠨ ᠤ ᠡᠪᠯᠡᠯ᠂ ᠤᠳᠤᠷᠢᠳᠤᠯᠭ᠎ᠠ ᠨᠠᠷ ᠲᠤ ᠲᠤᠩ ᠲᠠᠯᠠᠷᠬᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号