1. ᠭᠠᠯ ᠤᠨ ᠲᠤᠬᠠᠢ ᠴᠡᠭᠡᠷ ᠶᠣᠰᠤᠨ᠄ ᠮᠤᠩᠭᠤᠯᠴᠣᠳ ᠭᠠᠢ ᠤᠨ ᠪᠤᠷᠬᠠᠨ᠂ ᠭᠤᠯᠤᠮᠳᠠ ᠲᠤᠯᠭ᠎ᠠ ᠪᠠᠨ | ᠲᠡᠭᠡᠳᠦᠯᠡᠨ ᠰᠢᠳᠦᠵᠤ᠂ ᠭᠠᠯ ᠢ ᠠᠯᠢᠪᠠ ᠮᠠᠭᠤ ᠮᠠᠭᠤᠬᠠᠢ ᠶᠠᠭᠤᠮ᠎ᠠ᠂ ᠭᠠᠢ ᠪᠠᠷᠴᠢᠳ ᠢ ᠵᠠᠶᠢᠯᠠᠭᠤᠯᠳᠠᠭ ᠭᠡᠵᠤ | ᠦᠵᠡᠳᠡᠭ᠃ ᠡᠶᠢᠮᠤ ᠠᠴᠠ ᠮᠤᠩᠭᠤᠯ ᠭᠡᠷ ᠲᠤ ᠣᠷᠤᠭᠰᠠᠨ ᠤ ᠳᠠᠷᠠᠭ᠎ᠠ᠂ ᠲᠣᠯᠭ᠎ᠠ ᠶᠢᠨ ᠳᠡᠭᠡᠷ᠎ᠡ ᠬᠦᠯ ᠢᠶᠠᠨ | ᠰᠢᠷᠠᠬᠤ ᠶᠢ ᠴᠡᠭᠡᠷᠯᠡᠬᠦ ᠪᠦᠭᠡᠳ ᠭᠠᠯ ᠲᠣᠯᠭ᠎ᠠ ᠶᠢᠨ ᠬᠠᠵᠠᠭᠤ ᠳᠤ ᠨᠤᠶᠢᠳᠠᠨ ᠭᠤᠳᠤᠯ ᠱᠠᠬᠠᠢ ᠪᠠᠨ ᠡᠭᠡᠭᠡᠵᠤ | ᠬᠠᠳᠠᠭᠠᠬᠤ ᠶᠢ ᠨᠡᠩ ᠶᠡᠭᠡ ᠴᠡᠭᠡᠷᠯᠡᠳᠡᠭ᠃ ᠪᠠᠰᠠ ᠲᠤᠯᠭ᠎ᠠ ᠶᠢᠨ ᠳᠡᠭᠡᠭᠦᠷ ᠠᠯᠬᠤᠬᠤ᠂ ᠲᠤᠯᠭᠠᠨ ᠳᠡᠭᠡᠷ᠎ᠡ ᠭᠢᠰᠭᠢᠬᠦ᠂ | ᠲᠠᠮᠠᠬᠢᠨ ᠭᠠᠩᠰᠠ ᠪᠠᠨ ᠲᠣᠯᠭ᠎ᠠ ᠶᠢᠨ ᠳᠡᠭᠡᠷ᠎ᠡ ᠭᠦᠪᠢᠬᠦ᠂ ᠶᠠᠭᠤᠮ᠎ᠠ ᠴᠣᠬᠢᠬᠤ᠂ ᠪᠣᠵᠠᠷ ᠪᠤᠷᠳᠠᠭ ᠶᠠᠭᠤᠮ᠎ᠠ ᠬᠢᠬᠦ ᠶᠢ | ᠴᠡᠭᠡᠷᠯᠡᠳᠡᠭ᠃ ᠬᠢᠳᠤᠭ᠎ᠠ ᠪᠠᠷ ᠭᠠᠯ ᠭᠤᠴᠢᠯᠠᠬᠤ᠂ ᠬᠢᠳᠤᠭ᠎ᠠ ᠭᠠᠯ ᠳᠣᠳᠣᠷ᠎ᠠ ᠣᠷᠤᠭᠤᠯᠬᠤ᠂ ᠲᠤᠭᠤᠭᠠᠨ ᠠᠴᠠ | ᠬᠢᠳᠤᠭ᠎ᠠ ᠪᠠᠷ ᠮᠢᠬ᠎ᠠ ᠠᠪᠬᠤ ᠶᠢ ᠴᠡᠭᠡᠷᠯᠡᠳᠡᠭ᠃ | 2. ᠣᠰᠤᠨ ᠤ ᠲᠣᠬᠠᠢ ᠴᠡᠭᠡᠷ᠄ ᠮᠤᠩᠭᠤᠯᠴᠣᠳ ᠣᠰᠤ ᠶᠢ ᠷᠠᠰᠢᠶᠠᠨ ᠤ ᠳᠡᠭᠡᠳᠤ ᠭᠡᠵᠤ ᠦᠵᠡᠳᠡᠭ᠃ | ᠡᠶᠢᠮᠤ ᠠᠴᠠ ᠭᠤᠣᠯ ᠤᠨ ᠣᠰᠤᠨ ᠳᠤ ᠭᠠᠷ ᠬᠦᠯ᠂ ᠪᠡᠶ᠎ᠡ ᠪᠠᠨ ᠤᠬᠢᠶᠠᠳᠠᠭ ᠦᠭᠡᠢ᠃ ᠨᠡᠩ ᠴᠦ ᠭᠤᠣᠯ ᠮᠦᠷᠡᠨ | ᠳᠤ ᠪᠣᠵᠠᠷ ᠪᠣᠷᠳᠠᠭ ᠬᠤᠭ ᠨᠤᠪᠰᠢ ᠬᠠᠶᠠᠬᠤ ᠶᠢ ᠴᠡᠭᠡᠷᠯᠡᠳᠡᠭ ᠪᠦᠭᠡᠳ ᠭᠤᠤᠯ ᠮᠦᠷᠡᠨ ᠤ ᠬᠠᠵᠠᠭᠤ ᠳᠤ ᠪᠡᠶ᠎ᠡ ᠪᠠᠨ | ᠵᠠᠰᠠᠬᠤ ᠶᠢ ᠨᠡᠩ ᠴᠦ ᠴᠡᠭᠡᠷᠯᠡᠳᠡᠭ᠃ ᠮᠤᠩᠭᠤᠯ ᠨᠤᠳᠤᠭ ᠭᠠᠩ ᠬᠠᠭᠤᠷᠠᠢ᠂ ᠣᠰᠤᠨ ᠤ ᠡᠬᠢ ᠰᠣᠷᠪᠤᠯᠵᠢ | ᠲᠣᠳᠠᠮᠠᠭ᠂ ᠣᠰᠤ ᠡᠪᠡᠰᠣ ᠪᠠᠨ ᠲᠠᠭᠠᠨ ᠨᠡᠭᠦᠳᠡᠯᠯᠡᠨ ᠮᠠᠯᠵᠢᠵᠤ ᠠᠵᠤ ᠲᠦᠷᠦᠨ ᠠᠮᠢᠳᠣᠷᠠᠳᠠᠭ ᠮᠤᠩᠭᠤᠯᠴᠣᠳ ᠲᠤ | ᠠᠪᠴᠣ ᠬᠡᠯᠡᠪᠡᠯ ᠣᠰᠤ ᠪᠤᠯ ᠬᠦᠮᠦᠨ ᠮᠠᠯ ᠤᠨ ᠬᠢᠨᠢ ᠠᠮᠢ ᠨᠠᠰᠣᠨ ᠤ ᠡᠬᠢ ᠰᠣᠷᠪᠤᠯᠵᠢ ᠪᠤᠯᠳᠠᠭ ᠪᠤᠯᠬᠤᠷ ᠣᠰᠤᠨ | ᠤ ᠠᠷᠢᠭᠤᠨ ᠴᠡᠪᠡᠷ ᠢ ᠬᠠᠮᠠᠭᠠᠯᠠᠵᠤ᠂ ᠠᠷᠪᠢᠯᠠᠨ ᠭᠠᠮᠨᠠᠳᠠᠭ ᠶᠤᠮ᠃ ᠲᠣᠳᠣᠷᠬᠠᠶᠢᠯᠠᠬᠤ ᠨᠢ᠄ ᠣᠰᠤ ᠶᠢ ᠠᠷᠪᠢᠯᠠᠨ | ᠭᠠᠮᠨᠠᠳᠠᠭ ᠪᠤᠯᠪᠠᠴᠣ ᠬᠠᠷ᠎ᠠ ᠣᠰᠤ ᠶᠢ ᠬᠠᠷᠠᠮᠨᠠᠬᠤ ᠶᠢ ᠴᠡᠭᠡᠷᠯᠡᠳᠡᠭ᠂ ᠪᠠᠰᠠ ᠬᠠᠷ᠎ᠠ ᠣᠰᠤ ᠶᠢ ᠰᠠᠮᠤᠷᠳᠠᠭ ᠦᠭᠡᠢ ᠂ | ᠬᠤᠳᠳᠤᠭ ᠠᠴᠠ ᠲᠠᠳᠠᠵᠤ ᠭᠠᠷᠭᠠᠭᠰᠠᠨ ᠬᠤᠪᠤᠭᠤ ᠲᠠᠢ ᠣᠰᠤ ᠶᠢ ᠬᠤᠳᠳᠤᠭ ᠤᠷᠤᠭᠤ ᠪᠠᠨ ᠪᠣᠴᠠᠭᠠᠵᠤ ᠬᠢᠳᠡᠭ | ᠦᠭᠡᠢ ᠴᠡᠭᠡᠷ ᠶᠣᠰᠤᠨ ᠪᠤᠢ᠃ ᠠᠶᠢᠯ ᠳᠤ ᠬᠦᠮᠦᠨ ᠠᠮᠢᠳᠠᠨ ᠢᠷᠡᠬᠦ ᠦᠶ᠎ᠡ ᠳᠤ ᠬᠠᠷ᠎ᠠ ᠣᠰᠤ ᠨᠡᠷᠡᠬᠦ ︵ᠲᠣᠳᠣᠷ᠎ᠠ | ᠨᠢ ᠶᠠᠭᠤᠮ᠎ᠠ ᠬᠢᠬᠦ ᠦᠭᠡᠢ︶᠂ ᠣᠳᠠᠭᠠᠨ ᠪᠣᠴᠠᠯᠭᠠᠬᠤ ᠶᠢ ᠴᠡᠭᠡᠷᠯᠡᠳᠡᠭ᠃ | 3. ᠡᠪᠡᠳᠴᠢᠨ ᠤ ᠲᠣᠬᠠᠢ ᠴᠡᠭᠡᠷ ᠶᠣᠰᠤᠨ᠄ ᠠᠶᠢᠯ ᠳᠤ ᠬᠡᠷᠪᠡ ᠬᠦᠨᠳᠤ ᠡᠪᠡᠳᠴᠢᠳᠡᠨ ᠪᠤᠶᠤ ᠠᠶᠤᠯᠳᠤ | ᠠᠷᠬᠠᠭ ᠲᠤ ᠨᠡᠷᠪᠡᠭᠳᠡᠭᠰᠡᠨ ᠬᠦᠮᠦᠨ ᠪᠠᠶᠢᠬᠤ ᠳᠤ ᠬᠦᠷᠪᠡᠯ᠂ ᠭᠡᠷ ᠤᠨ ᠵᠡᠭᠦᠨ ᠲᠠᠯ᠎ᠠ ᠳᠤ ᠳᠡᠭᠡᠰᠤ ᠡᠯᠭᠦᠳᠡᠭ᠃ | ᠡᠨᠡ ᠨᠢ ᠠᠶᠢᠯ ᠤᠨ ᠭᠡᠷ ᠲᠤ ᠡᠪᠡᠳᠴᠢᠨ ᠲᠠᠢ ᠬᠦᠮᠦᠨ ᠪᠠᠶᠢᠭ᠎ᠠ᠂ ᠵᠤᠴᠢᠨ ᠵᠤᠴᠢᠯᠠᠬᠤ ᠲᠦᠭᠦᠮ ᠦᠭᠡᠢ ᠭᠡᠳᠡᠭ ᠢ | ᠢᠯᠡᠳᠬᠡᠵᠤ ᠪᠠᠶᠢᠳᠠᠭ᠃ | 4. ᠲᠦᠷᠦᠵᠤ ᠮᠡᠨᠳᠦᠯᠡᠬᠦ ᠶᠢᠨ ᠴᠡᠭᠡᠷ ᠶᠣᠰᠤᠨ᠄ ᠮᠤᠩᠭᠤᠯ ᠪᠦᠰᠡᠬᠦᠶᠢᠴᠣᠳ ᠬᠡᠤᠬᠡᠳ ᠲᠦᠷᠤᠵᠤ᠂ ᠰᠠᠷ᠎ᠠ | ᠳᠤ ᠰᠠᠭᠤᠭᠰᠠᠨ ᠦᠶ᠎ᠡ ᠳᠤ ᠪᠠᠨ ᠭᠠᠳᠠᠨ᠎ᠠ ᠶᠢᠨ ᠬᠦᠮᠦᠨ ᠢ ᠣᠷᠤᠭᠤᠯᠳᠠᠭ ᠦᠭᠡᠢ᠃ ᠡᠭᠦᠳᠡᠨ ᠤ ᠳᠡᠷᠭᠡᠳᠡ ᠢᠯᠡ | ᠬᠠᠷᠠᠭᠳᠠᠬᠤ ᠳᠡᠮᠳᠡᠭ ᠲᠠᠯᠪᠢᠳᠠᠭ᠃ ᠬᠡᠷᠪᠡ ᠬᠦᠪᠡᠭᠦᠨ ᠲᠦᠷᠦᠭᠰᠡᠨ ᠪᠤᠯ ᠨᠤᠮᠤ ᠰᠤᠮᠤ ᠡᠯᠭᠦᠬᠦ᠂ ᠦᠬᠢᠨ | ᠲᠦᠷᠦᠭᠰᠡᠨ ᠪᠤᠯ ᠣᠯᠠᠭᠠᠨ ᠪᠦᠰ ᠣᠶᠠᠳᠠᠭ᠃ ᠵᠤᠴᠢᠨ ᠡᠨᠡᠬᠦ ᠳᠡᠮᠳᠡᠭ ᠢ ᠦᠵᠡᠪᠡᠯ ᠡᠨᠡ ᠠᠶᠢᠯ ᠤᠨ ᠪᠦᠰᠡᠬᠦᠢ | ᠬᠡᠤᠬᠡᠳ ᠲᠦᠷᠦᠵᠤ᠂ ᠰᠠᠷ᠎ᠠ ᠳᠤ ᠰᠠᠭᠤᠭᠰᠠᠨ ᠪᠠᠶᠢᠨ᠎ᠠ ᠭᠡᠵᠤ ᠮᠡᠳᠡᠭᠳ ᠭᠡᠷ ᠲᠤ ᠨᠢ ᠣᠷᠣᠳᠠᠭ ᠦᠭᠡᠢ᠃ | 5. ᠡᠭᠦᠳᠡᠨ ᠪᠣᠱᠤᠭᠠᠨ ᠤ ᠲᠣᠬᠠᠢ ᠴᠡᠭᠡᠷ ᠶᠣᠰᠤᠨ᠄ ᠡᠭᠦᠳᠡᠨ ᠪᠣᠱᠣᠭᠠᠨ ᠳᠡᠭᠡᠷ᠎ᠡ ᠭᠢᠰᠭᠢᠳᠡᠭ ᠦᠭᠡᠢ᠂ ᠭᠡᠷ | ᠲᠤ ᠣᠷᠤᠵᠤ ᠭᠠᠷᠬᠤ ᠳᠤ ᠪᠠᠨ ᠡᠭᠦᠳᠡᠨ ᠪᠣᠱᠤᠭᠠᠨ ᠳᠡᠭᠡᠷ᠎ᠡ ᠶᠠᠭᠠᠬᠢᠭᠰᠠᠨ ᠴᠦ ᠭᠢᠰᠭᠢᠳᠡᠭ ᠦᠭᠡᠢ᠃ ᠲᠠᠷᠢᠶᠠᠯᠠᠬᠤ | ᠣᠷᠤᠨ᠂ ᠬᠠᠭᠠᠰ ᠲᠠᠷᠢᠶᠠᠯᠠᠬᠤ ᠣᠷᠤᠨ ᠪᠤᠶᠤ ᠬᠠᠭᠠᠰ ᠮᠠᠯᠵᠢᠬᠤ ᠣᠷᠤᠨ ᠤ ᠮᠤᠩᠭᠤᠯᠴᠣᠳ ᠡᠨᠡᠬᠦ ᠴᠡᠭᠡᠷ ᠢ | ᠶᠡᠬᠡᠳᠡ ᠡᠷᠬᠢᠮᠯᠡᠳᠡᠭ᠃ | 6. ᠲᠤᠯᠤᠭᠠᠢ ᠢᠯᠪᠢᠵᠤ ᠪᠤᠯᠳᠠᠭ ᠦᠭᠡᠢ ᠴᠡᠭᠡᠷ ᠶᠣᠰᠣᠨ᠄ ᠮᠤᠩᠭᠤᠯᠴᠣᠳ ᠤᠨ ᠲᠣᠮᠳᠠ ᠦᠯᠤ ᠲᠠᠨᠢᠬᠤ | ᠬᠦᠮᠦᠨ᠂ ᠬᠡᠤᠬᠡᠳ ᠤᠨ ᠲᠣᠯᠣᠭᠠᠢ ᠶᠢ ᠢᠯᠪᠢᠵᠤ ᠪᠤᠯᠳᠠᠭ ᠦᠭᠡᠢ ᠶᠣᠰᠤᠨ ᠪᠤᠢ᠃ ᠬᠠᠭᠤᠴᠢᠨ ᠤ ᠦᠵᠡᠯᠳᠡ ᠪᠠᠷ | ᠪᠤᠯ ᠦᠯᠤ ᠲᠠᠨᠢᠬᠤ ᠬᠦᠮᠦᠨ ᠤ ᠭᠠᠷ ᠪᠣᠵᠠᠷ᠂ ᠭᠠᠢ ᠪᠠᠷᠴᠢᠳ ᠲᠠᠢ ᠪᠠᠶᠢᠳᠠᠭ᠃ ᠡᠶᠢᠮᠤ ᠠᠴᠠ ᠦᠯᠤ ᠲᠠᠨᠢᠬᠤ | ᠬᠦᠮᠦᠨ ᠬᠡᠤᠬᠡᠳ ᠤᠨ ᠲᠣᠯᠤᠭᠠᠢ ᠶᠢ ᠢᠯᠪᠢᠪᠠᠯ ᠬᠡᠤᠬᠡᠳ ᠤᠨ ᠡᠷᠡᠭᠦᠯ ᠮᠡᠨᠳᠣ ᠳᠤ ᠠᠰᠢᠭ ᠦᠭᠡᠢ ᠭᠡᠵᠤ ᠦᠵᠡᠳᠡᠭ | ᠃ | 7. ᠨᠤᠬᠠᠢ ᠴᠣᠬᠢᠳᠠᠭ ᠦᠭᠡᠢ ᠴᠡᠭᠡᠷ ᠶᠣᠰᠤᠨ᠄ ᠮᠠᠯᠴᠢᠨ ᠠᠶᠢᠯ ᠳᠤ ᠣᠴᠢᠬᠤ ᠳᠤ ᠪᠠᠨ ᠠᠶᠢᠯ ᠤᠨ ᠭᠡᠷ ᠤᠨ | ᠭᠠᠳᠠᠨ᠎ᠠ ᠠᠭᠠᠵᠢᠭᠤ ᠬᠦᠷᠴᠤ ᠠᠨᠢᠷ ᠴᠢᠮᠡᠭᠡ ᠦᠭᠴᠤ᠂ ᠭᠡᠷ ᠤᠨ ᠡᠵᠡᠨ ᠭᠠᠷᠴᠣ ᠢᠷᠡᠭᠡᠳ ᠣᠭᠳᠣᠬᠤ ᠶᠢ | ᠬᠦᠯᠢᠶᠡᠬᠦ ᠶᠢᠨ ᠬᠠᠮᠳᠤ ᠨᠣᠬᠠᠢ ᠶᠢᠨ ᠪᠠᠶᠢᠳᠠᠯ ᠢ ᠰᠠᠶᠢᠳᠣᠷ ᠠᠩᠬᠠᠷᠤᠭᠰᠠᠨ ᠳᠠᠷᠠᠭ᠎ᠠ ᠰᠠᠶ᠋ᠢ ᠤᠨᠤᠭᠠᠨ ᠠᠴᠠ ᠪᠠᠨ | ᠪᠠᠭᠤᠳᠠᠭ᠃ ᠡᠨᠡ ᠨᠢ ᠠᠶᠢᠯ ᠤᠨ ᠨᠤᠬᠠᠢ ᠳᠤ ᠬᠠᠵᠠᠭᠳᠠᠬᠤ ᠠᠴᠠ ᠰᠡᠷᠭᠡᠶᠢᠯᠡᠵᠤ ᠪᠠᠶᠢᠭ᠎ᠠ ᠶᠢᠨ ᠬᠡᠷᠡᠭ ᠪᠢᠯᠡ᠃ | ᠠᠶᠢᠯ ᠤᠨ ᠨᠤᠬᠠᠢ ᠶᠢ ᠵᠤᠳᠤᠵᠤ ᠴᠣᠬᠢᠬᠤ ᠪᠤᠶᠤ ᠬᠠᠷᠢᠶᠠᠵᠤ ᠵᠦᠬᠡᠬᠦ ᠶᠢ ᠴᠡᠭᠡᠷᠯᠡᠳᠡᠭ᠃ ᠣᠴᠢᠷ ᠨᠢ | ᠮᠤᠩᠭᠤᠯᠴᠣᠳ ᠨᠤᠬᠠᠢ ᠶᠢ ᠨᠦᠬᠦᠷ ᠢᠶᠠᠨ ᠭᠡᠵᠤ ᠦᠵᠡᠳᠡᠭ ᠪᠦᠭᠡᠳ ᠡᠷᠳᠡᠨ ᠳᠤ ᠨᠤᠬᠠᠢ ᠶᠢ ᠠᠶᠢᠯ ᠤᠨ ᠨᠢᠭᠡ | ᠪᠦᠯᠢ ᠪᠠᠷ ᠪᠣᠳᠣᠳᠠᠭ ᠪᠠᠶᠢᠭᠰᠡᠨ ᠭᠡᠳᠡᠭ᠃ | 8. ᠵᠤᠴᠢᠯᠠᠭᠤᠯᠬᠤ ᠴᠡᠭᠡᠷ ᠶᠣᠰᠤᠨ᠄ ᠵᠤᠴᠢᠨ ᠭᠡᠷ ᠲᠤ ᠣᠷᠤᠬᠤ ᠦᠶ᠎ᠡ ᠳᠤ ᠲᠡᠪᠡᠯ ᠬᠤᠪᠴᠠᠰᠣ ᠪᠠᠨ | ᠠᠩᠬᠠᠷᠴᠤ ᠲᠡᠷᠢ ᠲᠡᠭᠰᠢ ᠪᠠᠶᠢᠯᠭᠠᠬᠤ᠂ ᠠᠶᠢᠯ ᠤᠨ ᠭᠡᠷ ᠲᠤ ᠲᠠᠰᠢᠭᠤᠷ ᠰᠢᠯᠪᠡᠭᠦᠷ᠂ ᠲᠡᠭᠡᠰᠤ ᠠᠪᠴᠤ ᠣᠷᠣᠳᠠᠭ | ᠦᠭᠡᠢ᠂ ᠲᠠᠰᠢᠭᠤᠷ ᠢᠶᠠᠨ ᠠᠶᠢᠯ ᠤᠨ ᠭᠡᠷ ᠤᠨ ᠪᠠᠷᠠᠭᠤᠨ ᠲᠠᠯ᠎ᠠ ᠳᠤ ᠭᠡᠷ ᠲᠦᠰᠢᠭᠦᠯᠦᠨ ᠪᠣᠰᠤᠭ᠎ᠠ ᠲᠠᠯᠪᠢᠳᠠᠭ᠃ | ᠭᠡᠷ ᠲᠤ ᠣᠷᠤᠭᠰᠠᠨ ᠳᠠᠷᠠᠭ᠎ᠠ ᠪᠤᠷᠬᠠᠨ ᠤ ᠬᠢᠨᠢ ᠡᠮᠦᠨ᠎ᠡ ᠰᠠᠭᠤᠳᠠᠭ ᠦᠭᠡᠢ᠂ ᠪᠠᠷᠠᠭᠤᠨ ᠲᠠᠯ᠎ᠠ ᠳᠤ ᠨᠢ ᠰᠠᠭᠤᠳᠠᠭ᠃ | ᠬᠡᠷᠪᠡ ᠴᠡᠭᠡᠷ ᠶᠣᠰᠤ ᠶᠢ ᠲᠠᠭᠠᠬᠤ ᠦᠭᠡᠢ ᠪᠤᠯ ᠠᠶᠢᠯ ᠤᠨ ᠬᠦᠮᠦᠨ ᠢ ᠬᠦᠨᠳᠦᠳᠬᠡᠵᠤ ᠦᠭᠡᠢ ᠳᠤ ᠲᠣᠭᠠᠴᠢᠭᠳᠠᠨ᠎ᠠ | ᠃ | |