ᠦᠵᠦᠮᠦᠴᠢᠨ ᠤ ᠰᠢᠨ᠎ᠡ ᠶᠢᠨ ᠨᠢᠭᠡᠨ ᠤ ᠶᠣᠰᠣ ᠵᠠᠩᠰᠢᠯ
ᠨᠡᠶᠢᠲᠡᠯᠡᠭᠰᠡᠨ ᠴᠠᠭ᠄
2024/5/7
      ᠦᠵᠦᠮᠦᠴᠢᠨ ᠠᠶᠢᠮᠠᠭ ᠨᠢ ᠤᠷᠳᠤ ᠤᠳᠠᠭᠠᠨ ᠮᠠᠯᠵᠢᠬᠤ ᠦᠢᠯᠡᠳᠪᠦᠷᠢᠯᠡᠯ ᠤᠨ ᠲᠡᠦᠬᠡᠨ ᠶᠠᠪᠤᠴᠠ ᠳᠤ ᠥᠪᠡᠷᠮᠢᠴᠡ ᠣᠨᠴᠠᠯᠢᠭ ᠲᠠᠢ ᠰᠢᠨᠡᠯᠡᠬᠦ ᠶᠣᠰᠣ ᠵᠠᠩᠰᠢᠯ ᠢ ᠪᠦᠷᠢᠯᠳᠦᠭᠦᠯᠵᠦ ᠲᠡᠭᠦᠨ ᠢᠶᠠᠨ ᠤᠯᠠᠮᠵᠢᠯᠠᠨ ᠵᠠᠯᠭᠠᠮᠵᠢᠯᠠᠭᠰᠠᠭᠠᠷ ᠢᠷᠡᠭᠰᠡᠨ ᠪᠠᠶᠢᠨ᠎ᠠ᠃             ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠥᠷᠯᠥᠭᠡ ᠡᠷᠲᠡ ᠪᠣᠰᠴᠤ᠂ ᠴᠠᠢ ᠪᠠᠨ ᠴᠢᠨᠠᠵᠤ᠂ ᠬᠥᠮᠥᠨ ᠪᠦᠬᠦᠨ ᠰᠢᠨ᠎ᠡ ᠬᠤᠪᠴᠠᠰᠤ ᠪᠠᠨ ᠡᠮᠦᠰᠴᠦ᠂ ᠨᠢᠭᠤᠷ ᠭᠠᠷ ᠢᠶᠠᠨ ᠤᠬᠢᠶᠠᠭᠰᠠᠨ ᠤ ᠲᠠᠷᠠᠭ᠎ᠠ᠂ ᠪᠦᠭᠦᠳᠡᠭᠡᠷ ᠭᠠᠷᠴᠤ ᠴᠠᠢ᠂ ᠴᠠᠭᠠᠨ ᠢᠳᠡᠭᠡ᠂ ᠠᠷᠢᠬᠢ ᠵᠡᠷᠭᠡ ᠢᠳᠡᠭᠡᠨ ᠤᠮᠳᠠᠭᠠᠨ ᠢᠶᠠᠷ ᠲᠡᠭᠷᠢ ᠪᠠᠨ ᠲᠠᠬᠢᠵᠤ ᠡᠷᠡᠭᠦᠯ ᠡᠩᠬᠡ ᠬᠡᠶᠢᠮᠣᠷᠢ ᠯᠦᠨᠳᠦ ᠪᠠᠨ ᠳᠠᠭᠠᠳᠬᠠᠳᠠᠭ᠃             ᠰᠢᠨ᠎ᠡ ᠶᠢᠨ ᠰᠠᠩ ᠲᠠᠯᠪᠢᠵᠤ᠂ ᠭᠡᠷ ᠲᠡᠭᠡᠨ ᠣᠷᠣᠵᠤ ᠭᠠᠯ ᠪᠤᠷᠬᠠᠨ ᠳᠠᠭᠠᠨ ᠡᠷᠭᠦᠯ ᠡᠷᠭᠦᠨ ᠮᠥᠷᠭᠦᠭᠰᠡᠨ ᠤ ᠲᠠᠷᠠᠭ᠎ᠠ᠂ ᠠᠬᠠᠮᠠᠳ ᠦᠶ᠎ᠡ ᠠᠴᠠ ᠨᠢ ᠳᠠᠷᠠᠭᠠᠯᠠᠨ ᠣᠷᠣ ᠣᠷᠣᠨ ᠳᠠᠭᠠᠨ ᠰᠠᠭᠤᠵᠠᠭᠠᠬᠤ ᠳᠤ᠂ ᠦᠷ᠎ᠡ ᠬᠡᠦᠬᠡᠳ ᠨᠢ ᠠᠪᠤ ᠡᠵᠢ᠂ ᠠᠬᠠᠰ ᠵᠠᠬᠠᠰ ᠠᠴᠠ ᠪᠠᠨ ᠡᠬᠢᠯᠡᠨ ᠵᠣᠯᠭᠠᠵᠤ᠂ ᠬᠠᠷᠢᠯᠴᠠᠨ ᠰᠢᠨ᠎ᠡ ᠶᠢᠨ ᠵᠣᠯᠭᠠᠯᠲᠠ ᠬᠢᠭᠰᠡᠨ ᠤ ᠲᠠᠷᠠᠭ᠎ᠠ᠂ ᠪᠦᠭᠦᠳᠡᠭᠡᠷ ᠰᠠᠭᠤᠵᠠᠭᠠᠵᠤ᠂ ᠭᠡᠷ ᠤᠨ ᠡᠵᠡᠨ ᠪᠦᠰᠡᠭᠦᠢ ᠠᠴᠠ ᠪᠦᠭᠦᠳᠡ ᠳᠤ ᠴᠠᠢ ᠠᠶᠠᠭᠠᠯᠠᠨ ᠴᠠᠭᠠᠨ ᠢᠳᠡᠭᠡ ᠪᠠᠷᠢᠨ᠎ᠠ᠃ ᠪᠦᠭᠦᠳᠡᠭᠡᠷ ᠴᠠᠭᠠᠨ ᠢᠳᠡᠭᠡ ᠠᠮᠬᠠᠷᠠᠭᠰᠠᠨ ᠤ ᠲᠠᠷᠠᠭ᠎ᠠ᠂ ᠦᠷ᠎ᠡ ᠬᠡᠦᠬᠡᠳ ᠨᠢ ᠠᠬᠠᠮᠠᠳ ᠨᠠᠰᠤᠲᠠᠳ ᠲᠠᠭᠠᠨ ᠠᠷᠢᠬᠢ ᠬᠡᠮᠨᠡᠵᠦ᠂ ᠠᠬᠠᠮᠠᠳ ᠨᠠᠰᠤᠲᠠᠳ ᠨᠢ ᠪᠠᠷᠢᠭᠰᠠᠨ ᠠᠷᠢᠬᠢ ᠶᠢ ᠲᠤᠰᠴᠤ ᠠᠪᠤᠭᠠᠳ ᠦᠷ᠎ᠡ ᠬᠡᠦᠬᠡᠳ ᠢᠶᠠᠨ ᠢᠷᠦᠭᠡᠳᠡᠭ᠃ ᠢᠩᠭᠢᠭᠡᠳ ᠠᠬᠠᠮᠠᠳ ᠨᠠᠰᠤᠲᠠᠳ ᠨᠢ ᠬᠡᠦᠬᠡᠳ ᠳᠡᠭᠦᠨᠠᠷ ᠲᠡᠭᠡᠨ ᠰᠢᠨ᠎ᠡ ᠶᠢᠨ ᠪᠣᠣᠪᠤ ᠦᠭᠳᠡᠭ᠃          ᠭᠡᠷ ᠲᠡᠭᠡᠨ ᠰᠢᠨᠡᠯᠡᠭᠰᠡᠨ ᠤ ᠲᠠᠷᠠᠭ᠎ᠠ ᠪᠤᠰᠤᠳ ᠠᠶᠢᠯ ᠢᠶᠠᠷ ᠰᠢᠨᠡᠯᠡᠬᠦ ᠪᠠᠷ ᠶᠠᠪᠤᠳᠠᠭ᠃ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠡᠳᠦᠷ᠂ ᠠᠬᠠᠮᠠᠳ ᠨᠠᠰᠤᠲᠠᠨ᠂ ᠨᠡᠷ᠎ᠡ ᠬᠦᠨᠳᠦᠲᠦ ᠬᠥᠮᠥᠰ ᠤᠨ ᠭᠡᠷ ᠢᠶᠠᠷ ᠤᠷᠢᠳᠠᠪᠠᠷ ᠰᠢᠨᠡᠯᠡᠵᠦ᠂ ᠠᠶᠢᠯ ᠭᠡᠭᠡᠵᠦ ᠰᠢᠨᠡᠯᠡᠳᠡᠭ ᠦᠭᠡᠢ᠃ ᠠᠭᠤᠯᠵᠠᠭᠰᠠᠨ ᠬᠥᠮᠥᠰ ᠬᠠᠷᠢᠯᠴᠠᠨ ᠰᠢᠨ᠎ᠡ ᠶᠢᠨ ᠵᠣᠯᠭᠠᠯᠲᠠ ᠬᠢᠵᠦ᠂ ᠬᠡᠦᠬᠡᠳ ᠳᠡᠭᠦᠨᠠᠷ ᠨᠢ ᠤᠷᠢᠳᠠᠪᠠᠷ ᠵᠣᠯᠭᠠᠵᠤ᠂ ︽ᠰᠠᠶᠢᠨ ᠰᠢᠨᠡᠯᠡᠪᠡᠦ︾ ᠬᠡᠮᠡᠨ ᠮᠡᠨᠳᠦᠴᠢᠯᠡᠳᠡᠭ᠃           ᠰᠢᠨ᠎ᠡ ᠶᠢᠨ ᠭᠡᠶᠢᠴᠢᠨ ᠢ ᠵᠠᠯᠠᠵᠤ ᠣᠷᠣᠭᠤᠯᠤᠭᠠᠳ ᠵᠣᠯᠭᠠᠭᠰᠠᠨ ᠤ ᠲᠠᠷᠠᠭ᠎ᠠ ᠴᠠᠢ ᠠᠶᠠᠭᠠᠯᠠᠵᠤ᠂ ᠴᠠᠭᠠᠨ ᠢᠳᠡᠭᠡ ᠪᠠᠷᠢᠵᠤ᠂ ᠠᠷᠢᠬᠢ ᠬᠡᠮᠨᠡᠳᠡᠭ᠃           ᠦᠵᠦᠮᠦᠴᠢᠨ ᠤ ᠴᠠᠭᠠᠨ ᠢᠳᠡᠭᠡ ᠠᠮᠰᠠᠬᠤ ᠶᠣᠰᠣ ᠴᠦ ᠥᠪᠡᠷᠮᠢᠴᠡ ᠬᠡᠪ ᠨᠠᠮᠪᠠ ᠲᠠᠢ᠃ ᠰᠢᠨ᠎ᠡ ᠶᠢᠨ ᠵᠣᠴᠢᠨ ᠮᠣᠷᠳᠠᠮᠠᠷ ᠪᠤᠯᠬᠤ ᠳᠤ ᠤᠷᠳᠤ ᠨᠠᠰᠤᠲᠤ ᠪᠤᠳᠠᠭ᠎ᠠ ᠬᠡᠮᠡᠨ ᠠᠶᠠᠭᠠᠯᠠᠵᠤ᠂ ᠬᠡᠦᠬᠡᠳ ᠳᠡᠭᠦᠨᠠᠷ ᠲᠡᠭᠡᠨ ᠰᠢᠨ᠎ᠡ ᠶᠢᠨ ᠪᠣᠣᠪᠤ ᠥᠭᠴᠦ ᠭᠠᠷᠭᠠᠳᠠᠭ᠃           ᠦᠵᠦᠮᠦᠴᠢᠠᠴᠤᠤᠳ ᠪᠡᠯᠭᠡᠲᠦ ᠰᠠᠶᠢᠬᠠᠨ ᠴᠠᠭᠠᠨ ᠰᠠᠷ᠎ᠠ ᠪᠠᠨ ᠪᠠᠶᠠᠷ ᠪᠠᠶᠠᠰᠬᠤᠯᠠᠩ ᠲᠠᠢ ᠥᠩᠭᠡᠷᠡᠭᠡᠵᠦ᠂ ᠰᠢᠨ᠎ᠡ ᠨᠢᠭᠡᠨ ᠵᠢᠯ ᠳᠤ ᠥᠨᠢᠷ ᠵᠢᠷᠭᠠᠯ ᠲᠠᠢ ᠥᠯᠵᠡᠢ ᠮᠥᠷ ᠲᠠᠢ ᠶᠠᠪᠤᠬᠤ ᠶᠢ ᠵᠥᠩᠨᠡᠵᠦ᠂ ᠴᠠᠭᠠᠨ ᠰᠠᠷ᠎ᠠ ᠳᠤ ᠪᠡᠯᠭᠡ ᠳᠡᠮᠪᠡᠷᠢᠯ ᠦᠭᠡᠢ ᠪᠤᠶᠤ ᠶᠣᠰᠣ ᠮᠣᠷᠠᠯ ᠦᠭᠡᠢ ᠵᠦᠢᠯ ᠢ ᠴᠢᠩᠭ᠎ᠠ ᠴᠡᠭᠡᠷᠯᠡᠳᠡᠭ ᠪᠠᠶᠢᠨ᠎ᠠ᠃
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号