ᠪᠠᠷᠠᠭᠤᠨ ᠦᠵᠦᠮᠦᠴᠢᠨ ᠬᠤᠰᠢᠭᠤ ᠠᠳᠣᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/7
          ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ︽ᠳᠤᠮᠳᠠᠳᠤ ᠤᠯᠤᠰ ᠤᠨ ᠴᠠᠭᠠᠨ ᠠᠳᠣᠭᠤᠨ ᠤ  ᠥᠯᠦᠭᠡᠢ︾ ᠭᠡᠮᠡᠬᠦ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠳᠤ ᠲᠦᠰᠢᠭᠯᠡᠨ᠂ ᠠᠳᠣᠭᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠰᠥᠪᠡᠭᠴᠢᠯᠡᠵᠦ᠂ ︽ᠴᠡᠭᠡ ᠪᠣᠯᠪᠠᠰᠣᠷᠠᠭᠤᠯᠬᠤ ᠲᠣᠯᠣᠭᠠᠶᠢᠯᠠᠭᠴᠢ ᠠᠵᠤ ᠠᠬᠤᠶᠢᠯᠠᠯ᠂ ᠴᠡᠭᠡ ᠪᠤᠯᠪᠠᠰᠣᠷᠠᠭᠤᠯᠬᠤ ᠬᠤᠷᠰᠢᠶᠠᠵᠢᠯ᠂ ᠴᠡᠭᠡ ᠰᠠᠭᠠᠬᠤ ᠮᠠᠯᠵᠢᠬᠤ ᠡᠷᠦᠬᠡ︾ ᠶᠢᠨ ᠵᠠᠭᠪᠤᠷ ᠢᠶᠠᠷ ᠴᠡᠭᠡᠨ ᠤ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ 2023 ︱ 2024 ᠣᠨ ᠳᠤ᠂ ᠪᠠᠯᠭᠠᠷᠭᠤᠣᠯ ᠪᠠᠯᠭᠠᠰᠤᠨ ᠳᠤ ᠴᠡᠭᠡ ᠪᠣᠯᠪᠠᠰᠤᠷᠠᠭᠤᠯᠬᠤ᠂ ᠠᠳᠤᠭᠤᠨ ᠰᠣᠶᠣᠯ ᠤᠨ ᠦᠵᠡᠭᠦᠯᠦᠯᠭᠡ᠂ ᠴᠡᠭᠡ ᠰᠣᠪᠢᠯᠠᠯᠲᠠ ᠵᠡᠷᠭᠡ ᠭᠤᠷᠮᠤᠰᠤᠨ ᠴᠣᠭᠴᠠ  ᠶᠢᠨ ᠴᠡᠭᠡ ᠪᠣᠯᠪᠠᠰᠤᠷᠠᠭᠤᠯᠬᠤ ᠦᠢᠯᠡᠳᠪᠦᠷᠢ ᠶᠢ ᠪᠡᠯᠡᠳᠬᠡᠨ ᠪᠠᠶᠢᠭᠤᠯᠵᠤ᠂  ᠴᠡᠭᠡ ᠪᠣᠷᠣᠯᠠᠭᠤᠯᠬᠤ ᠱᠤᠭᠤᠮ᠂ ᠴᠡᠭᠡᠨ ᠤ ᠡᠷᠡᠭᠦᠯᠵᠢᠯ ᠰᠤᠪᠢᠯᠠᠯᠲᠠ ᠶᠢᠨ ᠱᠤᠭᠤᠮ᠂ ᠠᠳᠣᠭᠤᠨ ᠰᠤᠶᠤᠯ ᠤᠨ ᠦᠵᠡᠭᠦᠯᠦᠯᠭᠡ ᠶᠢᠨ ᠱᠤᠭᠤᠮ ᠤᠨ ᠰᠢᠨ᠎ᠡ ᠡᠵᠡᠩᠨᠡᠯᠲᠡ  ᠶᠢᠨ ᠪᠠᠶᠢᠳᠠᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠬᠤ ᠶᠢ ᠵᠣᠷᠢᠪᠠ  ᠃ 2023 ᠣᠨ ᠳᠤ ᠪᠠᠶᠢᠭᠤᠯᠤᠭᠰᠠᠨ ᠴᠡᠭᠡ ᠪᠣᠯᠪᠠᠰᠤᠷᠠᠭᠤᠯᠬᠤ ᠦᠢᠯᠡᠳᠪᠦᠷᠢ ᠶᠢᠨ ᠴᠡᠭᠡᠨ ᠰᠠᠭᠤᠷᠢᠨ ᠭᠠᠵᠠᠷ ᠨᠢ ᠭᠡᠭᠦᠦ ᠰᠠᠭᠠᠬᠤ ᠡᠷᠦᠬᠡ ᠶᠢᠨ ᠴᠡᠭᠡ ᠬᠠᠳᠠᠭᠠᠯᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠡᠷᠥᠬᠡ ᠨᠢ ᠴᠡᠭᠡᠨ ᠰᠠᠭᠤᠷᠢᠨ ᠭᠠᠵᠠᠷ ᠲᠤ ᠴᠡᠭᠡ ᠬᠤᠳᠠᠯᠳᠣᠪᠠᠯ ᠵᠠᠰᠠᠭ ᠤᠨ ᠣᠷᠳᠣᠨ ᠨᠥᠬᠦᠪᠦᠷᠢ ᠥᠭᠬᠦ ᠬᠡᠯᠪᠡᠷᠢ ᠪᠠᠷ ᠭᠡᠭᠦᠦ ᠰᠠᠭᠠᠬᠤ ᠡᠷᠥᠭᠡ ᠶᠢ ᠵᠣᠷᠢᠭᠵᠢᠭᠤᠯᠤᠨ᠂ ᠵᠢᠱᠢᠶ᠎ᠡ ᠦᠵᠡᠭᠦᠯᠬᠦ ᠴᠡᠭᠡᠨ ᠤ ᠰᠠᠭᠤᠷᠢᠨ ᠭᠠᠵᠠᠷ ᠪᠣᠯᠣᠨ ᠴᠡᠭᠡ ᠪᠣᠯᠪᠠᠰᠣᠷᠠᠭᠤᠯᠬᠤ ᠲᠤᠷᠰᠢᠯᠲᠠ ᠶᠢᠨ ᠡᠷᠥᠭᠡ ᠶᠢ ᠪᠤᠢ ᠪᠣᠯᠭᠠᠵᠤ᠂ ᠴᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠲᠡᠰ ᠳᠡᠪᠰᠢᠬᠦ ᠶᠢ ᠠᠬᠢᠭᠤᠯᠵᠤ᠂ ᠴᠡᠭᠡᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠨᠡᠮᠡᠭᠳᠡᠭᠦᠯᠦᠨ᠂  ᠠᠳᠣᠭᠤ ᠮᠠᠯᠵᠢᠬᠤ ᠡᠷᠥᠬᠡ ᠶᠢᠨ ᠣᠷᠣᠯᠭ᠎ᠠ ᠶᠢ ᠨᠡᠮᠡᠭᠳᠡᠭᠦᠯᠪᠡ᠃      ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠠᠳᠤᠭᠤᠨ ᠰᠣᠶᠣᠯ ᠪᠣᠯᠣᠨ ᠰᠣᠶᠣᠯ ᠵᠢᠭᠤᠯᠴᠢᠯᠠᠯ  ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠰᠡᠳᠬᠢᠴᠡ ᠶᠢ ᠢᠳᠡᠪᠬᠢᠲᠡᠢ ᠰᠦᠪᠡᠭᠴᠢᠯᠡᠵᠦ᠂ ᠤᠯᠠᠨ ᠡᠰᠢᠲᠦ ᠠᠳᠤᠭᠤᠨ ᠰᠣᠶᠣᠯ ᠤᠨ ᠵᠤᠭ᠎ᠠ ᠴᠡᠩᠭᠡᠯ ᠤᠨ ᠲᠦᠷᠦᠯ ᠵᠦᠢᠯ ᠢᠶᠠᠷ ᠳᠠᠮᠵᠢᠭᠤᠯᠵᠤ᠂ ᠴᠠᠭᠠᠨ ᠠᠳᠤᠭᠤᠨ ᠤ ᠰᠣᠶᠣᠯ ᠵᠢᠭᠤᠯᠴᠢᠯᠠᠯ ᠤᠨ ᠰᠢᠨ᠎ᠡ ᠬᠡᠯᠪᠡᠷᠢ ᠶᠢ ᠡᠭᠦᠳᠴᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠪᠠ᠃  ᠴᠠᠭᠠᠨ ᠠᠳᠤᠭᠤᠨ ᠤ ᠰᠣᠶᠣᠯ ᠤᠨ ᠬᠦᠷᠢᠶᠡᠯᠡᠩ ᠤᠨ ᠰᠡᠯᠡᠭᠦᠴᠡᠯ ᠵᠢᠭᠤᠯᠴᠢᠯᠠᠯ ᠤᠨ ᠣᠷᠣᠨ ᠢ ᠪᠠᠶᠢᠭᠤᠯᠵᠤ᠂ ᠴᠠᠭᠠᠨ ᠠᠳᠣᠭᠤ ᠶᠢ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠬᠤᠯᠪᠣᠵᠤ᠂ ︽ᠳᠤᠮᠳᠠᠳᠤ ᠤᠯᠤᠰ ᠤᠨ  ᠴᠠᠭᠠᠨ ᠠᠳᠣᠭᠤᠨ ᠤ ᠥᠯᠦᠭᠡᠢ︾ ᠨᠠᠷᠠᠲᠤ ᠲᠡᠮᠳᠡᠭᠲᠦ ᠠᠳᠣᠭᠤᠨ ᠰᠣᠶᠣᠯ ᠤᠨ ᠨᠠᠶᠢᠷ ᠪᠠ ᠮᠣᠩᠭᠤᠯ ᠮᠣᠷᠢᠨ ᠤ ᠣᠷᠣᠯᠳᠣᠭᠠᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠳᠠᠮᠵᠢᠭᠤᠯᠤᠨ᠂ ᠵᠢᠭᠤᠯᠴᠢᠯᠠᠯ ᠰᠡᠯᠡᠭᠦᠴᠡᠯ  ᠪᠠ ᠮᠠᠯ ᠠᠵᠤ ᠠᠬᠤᠢ ᠶᠢᠨ ᠠᠭᠤᠰᠤᠯᠳᠤᠨ ᠬᠥᠭᠵᠢᠬᠦ ᠶᠢ ᠪᠦᠲᠦᠮᠵᠢᠲᠡᠶ ᠳᠠᠶᠢᠴᠢᠯᠠᠪᠠ᠃ 2019 ᠣᠨ ᠠᠴᠠ ᠨᠠᠰᠢ᠂ ᠣᠯᠠᠨ ᠣᠳᠠᠭᠠᠨ ᠤ ᠮᠣᠷᠢᠲᠠᠢ ᠠᠶᠠᠯᠠᠯ᠂ ᠴᠠᠭᠠᠨ ᠠᠳᠣᠭᠤᠨ  ᠤ ᠭᠤᠣᠯ ᠰᠡᠳᠦᠪᠲᠦ ᠬᠡᠷᠡᠯ ᠵᠢᠷᠤᠭ ᠤᠨ ᠦᠵᠡᠭᠦᠯᠦᠯᠭᠡ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠡᠯ᠎ᠡ ᠭᠠᠵᠠᠷ ᠤᠨ ᠰᠣᠳᠣᠯᠭᠠᠲᠠᠨ᠂ ᠤᠨᠤᠭᠠᠴᠢᠨ᠂ ᠬᠡᠷᠡᠯ ᠵᠢᠷᠤᠭ ᠤᠨ ᠪᠠᠭ᠋ᠠᠲᠠᠳ ᠢ 5000 ᠭᠠᠷᠤᠢ ᠬᠦᠮᠦᠨ ᠤᠳᠠᠭ᠎ᠠ ᠬᠦᠯᠢᠶᠡᠨ ᠠᠪᠴᠤ᠂ 300 ᠭᠠᠷᠣᠢ ᠲᠦᠮᠡᠨ ᠲᠥᠭᠦᠷᠢᠭ ᠤᠨ ᠣᠷᠣᠯᠭ᠎ᠠ ᠡᠭᠦᠳᠴᠦ᠂ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠢ ᠪᠠᠶᠢᠭᠠᠯᠢᠯᠢᠭ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠰᠢᠨ᠎ᠡ ᠬᠥᠳᠡᠯᠭᠡᠬᠦ ᠬᠦᠴᠦᠨ ᠢ ᠰᠦᠪᠡᠭᠴᠢᠯᠡᠵᠦ᠂ ᠦᠵᠦᠮᠦᠴᠢᠨ ᠴᠠᠭᠠᠨ ᠠᠳᠣᠭᠤᠨ ᠤ ᠰᠣᠶᠣᠯ ᠬᠢᠭᠡᠳ ᠰᠡᠯᠡᠭᠦᠴᠡᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠤᠯᠭᠠᠬᠤ ᠳᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ 2023 ᠣᠨ ᠳᠤ᠂ ︽ᠲᠠᠯ᠎ᠠ ᠨᠤᠲᠤᠭ ᠤᠨ 99 ᠨᠣᠮᠧᠷᠲᠤ ᠵᠠᠰᠠᠮᠠᠯ ᠵᠠᠮ︾ ᠤᠨ ᠦᠵᠡᠮᠵᠢ ᠶᠢᠨ ᠣᠷᠣᠨ ᠤ ᠰᠢᠷᠢᠰ ᠰᠡᠭᠦᠳᠡᠷᠯᠡᠬᠦ ᠠᠵᠢᠯᠯᠠᠭ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠮᠤᠷᠢᠨ ᠤᠷᠤᠯᠳᠤᠭᠠᠨ ᠢ ᠣᠯᠠᠨ ᠲᠠᠯᠠᠪᠠᠢ ᠵᠣᠬᠢᠶᠠᠨ ᠪᠠᠶᠢᠭᠤᠯᠬᠤ ᠪᠠᠷ ᠳᠠᠮᠵᠢᠨ᠂ ᠭᠠᠳᠠᠭᠠᠳᠤ ᠣᠯᠣᠰ᠂ ᠰᠢᠶᠠᠩᠭᠠᠩ᠂ ᠪᠡᠭᠡᠵᠢᠩ᠂ ᠲᠢᠶᠠᠨᠵᠢᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠤ ᠭᠡᠷᠡᠯ ᠵᠢᠷᠤᠭ ᠤᠨ ᠪᠠᠭ᠋ᠠᠲᠠᠳ ᠪᠣᠯᠣᠨ ᠵᠤᠭᠠᠴᠠᠭᠰᠠᠳ ᠢ ᠤᠭᠲᠤᠵᠤ᠂ ᠠᠳᠣᠭᠤᠨ ᠤ ᠠᠵᠤ ᠦᠢᠯᠡᠰ ᠪᠣᠯᠣᠨ ᠰᠣᠶᠣᠯ     ᠵᠢᠭᠤᠯᠴᠢᠯᠠᠯ᠂ ᠪᠡᠶ᠎ᠡ ᠲᠠᠮᠢᠷ ᠤᠨ ᠠᠵᠤ ᠦᠢᠯᠡᠰ ᠤᠨ ᠬᠥᠨᠳᠡᠯᠡᠨ ᠠᠭᠤᠰᠤᠯᠴᠠᠯ ᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠤᠯᠭᠠᠪᠠ᠃      ᠡᠭᠦᠨ ᠠᠴᠠ ᠭᠠᠳᠠᠨ᠎ᠠ᠂ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠲᠠᠢ ᠬᠠᠮᠲᠤᠷᠠᠯᠴᠠᠵᠤ᠂ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠪᠠ᠃ 2023 ᠣᠨ ᠳᠤ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠨᠡᠶᠢᠭᠡᠮᠯᠢᠭ  ᠠ 2023 ︱ 2027 ᠣᠨ ᠤ ︽ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ︾ ᠤ ᠴᠣᠯᠠ ᠣᠯᠭᠤᠪᠠ᠃ ᠤᠷᠢᠳ ᠬᠤᠵᠢᠳ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠪᠣᠯᠣᠨ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠮᠣᠩᠭᠤᠯ ᠮᠣᠷᠢᠨ ᠤ ᠨᠢᠭᠤᠷ ᠤᠨ ᠢᠯᠭᠠᠨ ᠲᠠᠨᠢᠬᠤ ᠰᠢᠰᠲ᠋ᠧᠮ ᠢ ᠰᠤᠳᠤᠯᠤᠨ ᠨᠡᠭᠡᠭᠡᠵᠦ᠂ 2023 ᠣᠨ ᠳᠤ 350 ᠮᠣᠩᠭᠤᠯ ᠮᠣᠷᠢᠨ ᠤ ᠨᠢᠭᠤᠷ ᠤᠨ ᠢᠯᠭᠠᠨ ᠲᠠᠨᠢᠬᠤ ᠲᠤᠭ᠎ᠠ ᠪᠠᠷᠢᠮᠲᠠ ᠶᠢ ᠴᠤᠭᠯᠠᠭᠤᠯᠵᠤ᠂ ᠲᠠᠷᠠᠭᠠᠴᠢ ᠶᠢᠨ ᠠᠯᠬᠤᠮ ᠤᠨ ᠮᠣᠷᠢᠨ ᠨᠢᠭᠤᠷ ᠤᠨ ᠢᠯᠭᠠᠨ ᠲᠠᠨᠢᠬᠤ ᠰᠢᠰᠲ᠋ᠧᠮ ᠢ ᠨᠡᠭᠡᠭᠡᠨ ᠬᠥᠭᠵᠢᠭᠦᠯᠬᠦ ᠰᠠᠭᠤᠷᠢ ᠶᠢ ᠪᠠᠲᠤᠳᠬᠠᠪᠠ᠃ ᠭᠤᠴᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠡᠭᠡᠵᠢᠩ ᠤᠨ ᠦᠷ᠎ᠡ ᠶᠢᠨ ᠦᠢᠯᠡᠰ ᠤᠨ ᠶᠡᠭᠡ ᠬᠤᠷᠠᠯ ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠦᠷ᠎ᠡ ᠪᠤᠶᠢᠵᠢᠭᠤᠯᠤᠯᠲᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠠᠳᠣᠭᠤᠨ ᠤ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠶᠢ ᠪᠠᠲᠤᠳᠬᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号