ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ  ᠨᠠᠷ  ᠲᠥᠯᠥᠪᠦᠷᠢ ᠲᠠᠢ ᠪᠠᠷ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/8
      ᠤᠯᠤᠰ ᠤᠨ ︽ᠬᠤᠶᠠᠷ ᠢ ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠦᠵᠡᠭᠳᠡᠯ ᠢ ᠡᠷᠡᠰ ᠬᠤᠷᠢᠭᠯᠠᠨ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠪᠠᠶᠢᠭᠤᠯᠵᠤ᠂ ᠥᠷᠭᠡᠨ ᠣᠯᠠᠨ ᠰᠣᠷᠣᠭᠴᠢ ᠪᠠ ᠭᠡᠷ ᠤᠨ ᠠᠬᠠᠮᠠᠳ ᠤᠨ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠪᠠᠳᠤᠯᠠᠬᠤ ᠶᠢᠨ ᠳᠦᠯᠦᠭᠡ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠬᠤ ᠲᠤᠬᠠᠢ ᠳᠣᠣᠷᠠᠬᠢ ᠮᠡᠲᠦ ᠵᠠᠷᠯᠠᠶ᠎ᠠ᠄      ᠨᠢᠭᠡ᠂ ᠠᠵᠢᠯᠯᠠᠵᠦ ᠪᠠᠶᠢᠭ᠎ᠠ ᠪᠠᠭᠰᠢ ᠨᠠᠷ ᠳᠤᠮᠳᠠᠳᠤ ᠪᠠᠭ᠎ᠠ ᠰᠤᠷᠭᠠᠭᠤᠯᠢ ᠶᠢᠨ ᠨᠡᠷ᠎ᠡ ᠶᠢ ᠠᠰᠢᠭᠯᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠤ ᠲᠥᠯᠥᠪᠦᠷᠢ ᠲᠠᠢ ᠪᠠᠷ ᠬᠢᠴᠢᠶᠡᠯ ᠨᠥᠬᠦᠵᠦ ᠥᠭᠬᠦ ᠶᠢ ᠴᠢᠩᠭ᠎ᠠ ᠴᠠᠭᠠᠵᠠᠯᠠᠨ᠎ᠠ᠃      ᠬᠤᠶᠠᠷ᠂ ᠠᠵᠢᠯᠯᠠᠵᠦ ᠪᠠᠶᠢᠭ᠎ᠠ ᠪᠠᠭᠰᠢ ᠨᠠᠷ ᠭᠠᠷᠠᠭ ᠤᠨ ᠵᠢᠷᠭᠤᠭᠠᠨ ᠤ ᠡᠳᠦᠷ ᠪᠠ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠠᠰᠢᠭᠯᠠᠨ ᠬᠤᠪᠢ ᠬᠥᠮᠥᠨ ᠤ ᠰᠠᠭᠤᠬᠤ ᠭᠡᠷ ᠪᠠᠶᠢᠰᠢᠩ ᠪᠤᠶᠤ ᠲᠦᠷᠢᠶᠡᠰᠦᠯᠡᠭᠰᠡᠨ ᠭᠠᠵᠠᠷ ᠲᠠᠭᠠᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠪᠤᠶᠤ ︽ᠰᠦᠯᠵᠢᠶᠡᠨ ᠳᠡᠭᠡᠷᠡᠬᠢ ᠬᠢᠴᠢᠶᠡᠯ︾ ᠵᠡᠷᠭᠡ ᠬᠡᠯᠪᠡᠷᠢ ᠪᠠᠷ᠂ ᠬᠡᠯᠪᠡᠷᠢ ᠶᠢ ᠥᠭᠡᠷᠡᠳᠡᠭᠦᠯᠦᠨ ᠬᠠᠮᠲᠤ ᠪᠠᠷ ᠬᠢᠴᠢᠶᠡᠯ ᠨᠥᠬᠦᠬᠦ ᠪᠤᠶᠤ ᠬᠡᠯᠪᠡᠷᠢ ᠶᠢ ᠥᠭᠡᠷᠡᠳᠡᠭᠦᠯᠦᠨ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠨ᠎ᠠ᠃      ᠭᠤᠷᠪᠠ᠂ ᠠᠵᠢᠯᠯᠠᠵᠦ ᠪᠠᠶᠢᠭ᠎ᠠ ᠪᠠᠭᠰᠢ ᠳ᠋ᠢᠶᠠᠩᠬᠤᠸᠠ᠂ ᠪᠢᠴᠢᠯ ᠪᠦᠷᠭᠡ᠂ ᠸᠢᠴᠠᠲ ᠵᠡᠷᠭᠡ ᠠᠷᠭ᠎ᠠ ᠵᠠᠮ ᠢᠶᠠᠷ ᠰᠣᠷᠣᠭᠴᠢ ᠡᠯᠰᠡᠬᠦ ᠮᠡᠳᠡᠭᠡ ᠵᠠᠩᠭᠢ ᠨᠡᠶᠢᠲᠡᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠰᠣᠷᠣᠭᠴᠢ ᠶᠢ ᠲᠠᠨᠢᠯᠴᠠᠭᠤᠯᠬᠤ ᠂ ᠬᠥᠲᠥᠯᠥᠨ ᠵᠢᠯᠤᠭᠤᠳᠬᠤ᠂ ᠠᠯᠪᠠᠳᠠᠵᠤ ᠪᠠᠶᠢᠭᠠᠳ ᠲᠥᠯᠥᠪᠦᠷᠢ ᠲᠠᠢ ᠪᠠᠷ ᠬᠢᠴᠢᠶᠡᠯ ᠨᠥᠬᠦᠬᠦ ᠳᠤ ᠣᠷᠣᠯᠴᠠᠭᠤᠯᠬᠤ ᠶᠢ ᠴᠢᠩᠭ᠎ᠠ ᠴᠠᠭᠠᠵᠠᠯᠠᠨ᠎ᠠ᠃     ᠳᠥᠷᠪᠡ᠂ ᠠᠵᠢᠯᠯᠠᠵᠦ ᠪᠠᠶᠢᠭ᠎ᠠ ᠪᠠᠭᠰᠢ ᠨᠠᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ ᠠᠩᠭᠢ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ ᠵᠢᠴᠢ ᠪᠤᠰᠤᠳ ᠪᠠᠭᠰᠢ᠂ ᠭᠡᠷ ᠤᠨ ᠠᠬᠠᠮᠠᠳ᠂ ᠭᠡᠷ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠶᠠᠮᠠᠷᠪᠠ ᠨᠡᠷ᠎ᠡ᠂ ᠶᠠᠮᠠᠷᠪᠠ ᠬᠡᠯᠪᠡᠷᠢ ᠶᠢᠨ ᠲᠥᠯᠥᠪᠦᠷᠢ ᠲᠠᠢ ᠪᠠᠷ ᠬᠢᠴᠢᠶᠡᠯ ᠨᠥᠬᠦᠬᠦ ᠪᠤᠶᠤ ᠲᠤᠰᠢᠶᠠᠯ ᠬᠠᠪᠰᠤᠷᠭᠠᠨ ᠬᠢᠴᠢᠶᠡᠯ ᠵᠢᠭᠠᠵᠤ ᠬᠠᠷᠠᠮᠵᠢ ᠣᠯᠬᠤ ᠶᠢ ᠴᠢᠩᠭ᠎ᠠ ᠴᠠᠭᠠᠵᠠᠯᠠᠨ᠎ᠠ᠃     ᠲᠠᠪᠤ᠂ ᠠᠵᠢᠯᠯᠠᠵᠦ ᠪᠠᠶᠢᠭ᠎ᠠ ᠪᠠᠭᠰᠢ ᠨᠠᠷ ᠠᠵᠢᠯ ᠤᠨ ᠲᠥᠬᠦᠮ ᠨᠥᠬᠦᠴᠡᠯ ᠢᠶᠠᠨ ᠠᠰᠢᠭᠯᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠪᠤᠶᠤ ᠪᠤᠰᠤᠳ ᠬᠥᠮᠥᠨ ᠳᠤ ᠰᠣᠷᠣᠭᠴᠢ ᠶᠢᠨ ᠢᠷᠡᠯᠲᠡ ᠶᠢ ᠲᠠᠨᠢᠯᠴᠠᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠩᠭᠠᠬᠤ ᠶᠢ ᠴᠢᠩᠭ᠎ᠠ ᠴᠠᠭᠠᠵᠠᠯᠠᠨ᠎ᠠ᠃     ᠠᠵᠢᠯᠯᠠᠵᠦ ᠪᠠᠶᠢᠭ᠎ᠠ ᠪᠠᠭᠰᠢ ᠨᠠᠷ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠠᠵᠢᠯᠯᠠᠭ᠎ᠠ ᠳᠤ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︽ᠣᠭᠲᠣ ᠢᠯᠳᠠᠷ ᠬᠠᠶᠠᠬᠤ ᠦᠭᠡᠢ︾ ᠣᠪᠣᠷ ᠢ ᠪᠠᠷᠢᠮᠲᠠᠯᠠᠨ᠂ ᠭᠠᠷᠠᠭ ᠤᠨ ᠵᠢᠷᠭᠤᠭᠠᠨ᠂ ᠡᠳᠦᠷ ᠪᠠ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠢᠯᠡᠴᠢᠯᠡᠬᠦ ᠶᠢ ᠪᠡᠶᠡᠯᠡᠭᠦᠯᠦᠨ᠎ᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠠᠭᠰᠢ ᠶᠢᠨ ᠰᠤᠷᠭᠠᠨ ᠬᠥᠮᠦᠵᠢᠯ ᠤᠨ ᠬᠢᠨᠠᠯᠲᠠ ᠶᠢ ᠴᠢᠩᠭᠠᠳᠬᠠᠨ᠂ ᠰᠤᠷᠭᠠᠭᠤᠯᠢ ᠶᠢᠨ ᠭᠠᠳᠠᠨᠠᠬᠢ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠬᠢᠵᠦ ᠪᠠᠶᠢᠭ᠎ᠠ ᠪᠠᠭᠰᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠰᠠᠨᠠᠭᠤᠯᠵᠤ ᠬᠤᠷᠢᠭᠯᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠪᠠᠶᠢᠴᠠᠭᠠᠨ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠢ ᠶᠢ ᠬᠠᠮᠲᠤᠪᠠᠷ ᠬᠠᠮᠠᠭᠠᠯᠠᠬᠤ ᠬᠡᠷᠡᠭᠲᠡᠢ᠃ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠰᠠᠬᠢᠯᠭ᠎ᠠ ᠪᠠᠲᠤ ᠶᠢ ᠥᠰᠢᠯᠳᠦᠨ ᠵᠥᠷᠢᠴᠡᠭᠰᠡᠨ ᠪᠠᠭᠰᠢ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠥᠮᠥᠭᠯᠡᠵᠦ ᠳᠤᠷ᠎ᠠ ᠪᠠᠷ ᠨᠢ ᠲᠠᠯᠪᠢᠭᠰᠠᠨ᠂ ᠠᠯᠪᠠ ᠬᠠᠰᠢᠵᠤ ᠠᠮᠠ ᠪᠥᠭᠯᠡᠭᠰᠡᠨ ᠪᠤᠶᠤ ᠠᠰᠠᠭᠤᠳᠠᠯ ᠣᠯᠠᠨᠲᠠ ᠭᠠᠷᠴᠤ ᠪᠠᠶᠢᠭ᠎ᠠ ᠭᠠᠵᠠᠷ ᠣᠷᠣᠨ ᠪᠠ ᠰᠤᠷᠭᠠᠭᠤᠯᠢ ᠲᠠᠢ ᠱᠠᠲᠤ ᠳᠠᠷᠠᠭᠠᠯᠠᠨ ᠪᠣᠯᠵᠣᠨ ᠶᠠᠷᠢᠯᠴᠠᠬᠤ ᠶᠢᠨ ᠬᠠᠮᠲᠤ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ᠎ᠡ᠃       ᠨᠡᠶᠢᠭᠡᠮ ᠤᠨ ᠡᠯ᠎ᠡ ᠡᠲᠡᠭᠡᠳ ᠵᠢᠴᠢ ᠥᠷᠭᠡᠨ ᠣᠯᠠᠨ ᠰᠣᠷᠣᠭᠴᠢ᠂ ᠭᠡᠷ ᠤᠨ ᠠᠬᠠᠮᠠᠳ ᠤᠨ ᠢᠳᠡᠪᠬᠢᠲᠡᠢ ᠪᠠᠷ ᠳᠡᠮᠵᠢᠨ ᠬᠠᠮᠵᠢᠯᠴᠠᠵᠤ᠂ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠴᠢᠩᠭ᠎ᠠ ᠬᠢᠨᠠᠯᠲᠠ ᠲᠠᠯᠪᠢᠵᠤ᠂ ᠦᠨᠡᠨ ᠮᠥᠨ ᠢᠶᠠᠷ ᠨᠢ ᠢᠯᠡᠴᠢᠯᠡᠨ ᠮᠡᠳᠡᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦ ᠪᠠᠨ ᠬᠠᠮᠲᠤᠳᠬᠠᠨ᠂ ᠰᠤᠷᠲᠠᠯ ᠴᠢᠬᠡᠴᠢ ᠣᠪᠣᠷ ᠲᠥᠪ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0479 ︱ 3521816 ᠰᠢᠤᠳᠠᠨ ᠬᠠᠶᠢᠷᠴᠠᠭ᠄ xwqjkjbgs@163.com          ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                            2024 ᠣᠨ ᠤ 5 ᠰᠠᠷ᠎ᠠ ᠶᠢᠨ 7  ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号