ᠶᠣᠣ ᠬᠤᠩ ᠭᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠪᠣᠯᠣᠨ ᠪᠡᠯᠴᠢᠭᠡᠷ ᠰᠡᠷᠭᠦᠭᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/9
     5 ᠰᠠᠷ᠎ᠠ ᠶᠢᠨ 7᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠭᠤᠯᠠᠲᠤ ᠶᠢᠨ ᠭᠤᠣᠯ ᠪᠠᠯᠭᠠᠰᠤ ᠪᠠ ᠵᠢᠷ ᠤᠨ ᠭᠤᠣᠯ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
        ᠶᠣᠣ ᠬᠤᠩ ᠭᠠᠩ ᠨᠠᠷ ᠤᠷᠢᠳ ᠬᠤᠵᠢᠳ ᠬᠤᠭᠤᠯᠠᠲᠤ ᠶᠢᠨ ᠭᠤᠣᠯ ᠪᠠᠯᠭᠠᠰᠤᠨ ᠤ  ᠠᠯᠳ᠋ᠬᠠᠣᠳᠣ ᠭᠠᠴᠠᠭ᠎ᠠ᠂ ᠠᠯᠲᠠᠩᠭᠤᠣᠯ ᠭᠠᠴᠠᠭ᠎ᠠ᠂ ᠠᠯᠳ᠋ᠬᠠᠣᠪᠣᠭ᠎ᠠ ᠭᠠᠴᠠᠭ᠎ᠠ᠂ ᠳᠣᠯᠣᠭᠠᠨᠳᠠᠪᠠᠭ᠎ᠠ ᠭᠠᠴᠠᠭ᠎ᠠ᠂ ᠪᠠᠶᠠᠨᠬᠠᠷ᠎ᠠ ᠭᠠᠴᠠᠭ᠎ᠠ᠂ ᠵᠢᠷ ᠤᠨ ᠭᠤᠣᠯ ᠪᠠᠯᠭᠠᠰᠤᠨ ᠤ ᠤᠯᠠᠭᠠᠨᠨᠠᠭᠤᠷ ᠭᠠᠴᠠᠭ᠎ᠠ᠂ ᠬᠠᠯᠢᠭᠤᠲᠤ ᠭᠠᠴᠠᠭ᠎ᠠ ᠵᠡᠷᠭᠡ ᠭᠠᠵᠠᠷ ᠢᠶᠠᠷ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠪᠣᠯᠣᠨ ᠪᠡᠯᠴᠢᠭᠡᠷ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠠᠢ᠃ ᠡᠯ᠎ᠡ ᠭᠠᠴᠠᠭᠠᠨ ᠤ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠬᠠᠤ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠰᠡᠷᠭᠦᠭᠡᠵᠦ ᠪᠠᠶᠢᠭ᠎ᠠ ᠪᠠᠶᠢᠳᠠᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠭᠰᠠᠨ ᠪᠠᠶᠢᠳᠠᠯ  ᠵᠡᠷᠭᠡ ᠶᠢ  ᠣᠶᠢᠯᠠᠭᠠᠵᠠᠢ᠃
        ᠶᠣᠣ ᠬᠤᠩ ᠭᠠᠩ ᠴᠢᠬᠤᠯᠠᠴᠢᠯᠠᠭᠰᠠᠨ ᠨᠢ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠡᠭᠦᠷᠭᠡ ᠪᠣᠯᠣᠨ᠎ᠠ᠃ ᠰᠢᠰᠲ᠋ᠧᠮᠲᠦ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠵᠤ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠢᠴᠢ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠰᠡᠷᠭᠦᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠤᠬᠠᠭᠤᠯᠵᠤ᠂ ᠮᠠᠯᠴᠢᠳ ᠤᠨ ᠮᠠᠯ ᠲᠡᠵᠢᠭᠡᠪᠦᠷᠢ ᠪᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠬᠦ ᠶᠢ ᠬᠥᠲᠥᠯᠥᠨ ᠵᠢᠯᠣᠭᠤᠳᠴᠤ᠂ ᠲᠤᠭ᠎ᠠ ᠲᠣᠯᠣᠭᠠᠢ ᠶᠢ ᠬᠥᠭᠡᠭᠡᠴᠡᠯᠳᠦᠬᠦ ᠦᠵᠡᠯᠲᠡ ᠶᠢ ᠥᠭᠡᠷᠡᠴᠢᠯᠡᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠦᠨᠡᠨᠬᠦ ᠬᠤᠪᠢᠷᠠᠭᠤᠯᠬᠤ ᠬᠡᠷᠡᠭᠲᠡᠢ᠃ ᠮᠠᠯᠴᠢᠨ ᠲᠦᠮᠡᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠰᠡᠷᠭᠦᠭᠡᠬᠦ ᠤᠬᠠᠮᠰᠠᠷ ᠢ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠰᠡᠷᠭᠦᠭᠡᠬᠦ ᠵᠢᠴᠢ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠬᠠᠤ ᠎ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠰᠡᠷᠭᠦᠭᠡᠬᠦ ᠶᠢ ᠬᠠᠤᠯᠢ ᠬᠡᠷᠡᠭᠵᠢᠭᠦᠯᠦᠨ ᠪᠠᠶᠢᠴᠠᠭᠠᠬᠤ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号