ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/5/9
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠦᠮᠡᠨ ᠳᠤ᠄     12345 ᠤᠲᠠᠰᠤ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠪᠠ ᠣᠯᠠᠨ ᠲᠦᠮᠡᠨ ᠳᠤ ᠳᠥᠭᠦᠮ ᠳᠥᠲᠡ ᠦᠢᠯᠡᠴᠢᠯᠡᠭᠡ ᠪᠠ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠬᠠᠩᠭᠠᠭᠰᠠᠨ ᠤ ᠬᠠᠮᠲᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠪᠡ᠃ ᠪᠠᠷᠠᠭᠤᠨ ᠦᠵᠦᠮᠦᠴᠢᠨ ᠬᠤᠰᠢᠭᠤᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠵᠢᠷᠤᠮᠵᠢᠯ ᠢ ᠦᠢᠯᠡᠳᠦᠯᠭᠡᠵᠢᠭᠦᠯᠵᠦ᠂ 12345 ᠤᠳᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄    ᠨᠢᠭᠡ᠂ 12345 ᠤᠳᠠᠰᠤ ᠪᠠᠷ ᠭᠥᠯᠢᠶᠡᠨ ᠠᠪᠴᠤ ᠰᠢᠢᠳᠪᠦᠷᠢᠯᠡᠬᠦ ᠦᠭᠡᠢ ᠵᠦᠢᠯᠡᠰ ᠲᠤ᠂ ᠪᠤᠰᠤᠳ ᠵᠦᠢ ᠵᠣᠬᠢᠰᠲᠠᠢ ᠠᠷᠭ᠎ᠠ ᠵᠠᠮ ᠢᠶᠠᠷ ᠭᠤᠮᠣᠳᠠᠯ ᠱᠠᠭᠠᠷᠳᠠᠯᠭ᠎ᠠ ᠶᠢ ᠲᠤᠰᠬᠠᠨ᠎ᠠ᠃    ︵ᠨᠢᠭᠡ︶ ᠵᠠᠰᠠᠭ ᠤᠨ ᠣᠷᠳᠣᠨ ᠤ ᠬᠠᠷᠢᠶ᠎ᠠ ᠣᠷᠣᠨ ᠤ ᠪᠤᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠬᠠᠷᠢᠶᠠᠯᠠᠯ ᠤᠨ ᠬᠡᠪᠴᠢᠶᠡᠨ ᠠᠴᠠ ᠭᠠᠳᠠᠨ᠎ᠠ ᠵᠦᠢᠯᠡᠰ ︵ᠵᠢᠱᠢᠶᠡᠯᠡᠪᠡᠯ᠄ ᠬᠤᠪᠢ ᠬᠥᠮᠥᠨ ᠤ ᠬᠤᠭᠤᠷᠣᠨᠳᠣᠬᠢ ᠵᠥᠷᠢᠴᠡᠯ ᠵᠢᠭᠤᠷᠠᠯᠳᠤᠭᠠᠨ︶᠃    ︵ᠬᠤᠶᠠᠷ︶ 110᠂ 119᠂ 120᠂ 122 ᠵᠡᠷᠭᠡ ᠪᠠᠴᠢᠮ ᠦᠢᠯᠡᠴᠢᠯᠡᠭᠡᠨ ᠤ ᠲᠤᠰᠬᠠᠢ ᠱᠤᠭᠤᠮ ᠢᠶᠠᠷ ᠰᠢᠢᠳᠪᠦᠷᠢᠯᠡᠬᠦ ᠵᠦᠢᠯᠡᠰ᠃    ︵ᠭᠤᠷᠪᠠ︶ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠦᠢᠯᠡᠰ᠃    ︵ᠳᠥᠷᠪᠡ︶ ᠬᠠᠤᠯᠢ ᠶᠣᠰᠣᠭᠠᠷ ᠪᠤᠶᠤ ᠨᠢᠭᠡᠨᠲᠡ ᠵᠠᠭᠠᠯᠳᠤᠭᠰᠠᠨ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ  ᠶᠠᠪᠤᠴᠠ ᠪᠠᠷ ᠳᠠᠮᠵᠢᠭᠤᠯᠤᠨ ᠰᠢᠢᠳᠪᠦᠷᠢᠯᠡᠬᠦ ᠶᠣᠰᠣᠲᠠᠢ ᠵᠦᠢᠯᠡᠰ ᠪᠠ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠶᠠᠪᠤᠴᠠ ᠳᠤ ᠣᠷᠣᠭᠰᠠᠨ ᠵᠦᠢᠯᠡᠰ᠃᡽    ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠬᠡᠪ ᠵᠢᠷᠤᠮ ᠠᠴᠠ ᠵᠥᠷᠢᠴᠡᠭᠰᠡᠨ ᠵᠦᠢᠯᠡᠰ᠃    ︵ᠵᠢᠷᠭᠤᠭ᠎ᠠ︶ ᠮᠠᠭᠤ ᠰᠠᠨᠠᠭ᠎ᠠ ᠲᠠᠢ ᠪᠠᠷ ᠲᠠᠭᠠᠷᠢᠬᠰᠠᠨ ᠪᠤᠶᠤ ᠮᠥᠨ ᠴᠢᠨᠠᠷ ᠤᠨ ᠠᠭᠤᠯᠭ᠎ᠠ ᠦᠭᠡᠢ ᠵᠦᠢᠯ ᠳᠤ ᠲᠣᠭᠠᠴᠠᠭᠳᠠᠬᠤ᠃    ︵ᠲᠤᠯᠤᠭ᠎ᠠ︶ ᠲᠤᠰᠬᠠᠭᠰᠠᠨ ᠵᠦᠢᠯ ᠤᠨ ᠠᠭᠤᠯᠭ᠎ᠠ ᠨᠢ ᠪᠦᠷᠢᠨ ᠪᠤᠰᠤ᠂ ᠰᠢᠢᠳᠪᠦᠷᠢᠯᠡᠬᠦ ᠳᠤ ᠪᠡᠷᠬᠡᠲᠡᠢ ᠵᠦᠢᠯᠡᠰ᠃    ︵ᠨᠠᠢᠮᠠ︶ ᠬᠤᠪᠢ ᠬᠥᠮᠥᠨ ᠤ ᠤᠯᠠᠨ ᠤᠳᠠᠭ᠎ᠠ ᠵᠠᠭᠠᠯᠳᠤᠭᠰᠠᠨ ᠮᠥᠷᠲᠡᠭᠡᠨ ᠶᠣᠰᠣ ᠪᠤᠰᠤ ᠭᠤᠮᠣᠳᠠᠯ ᠱᠠᠭᠠᠷᠳᠠᠯᠭ᠎ᠠ᠃    ︵ᠶᠢᠰᠦ︶ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠤᠰᠤᠳ ᠵᠦᠢᠯᠡᠰ᠃    ᠬᠤᠶᠠᠷ᠂ ᠭᠤᠮᠣᠳᠠᠯ ᠲᠣᠭᠠᠴᠢᠭᠰᠠᠳ ᠠᠰᠠᠭᠤᠳᠠᠯ ᠢ ᠰᠢᠢᠳᠪᠦᠷᠢᠯᠡᠬᠦ ᠳᠤ ᠢᠳᠡᠪᠬᠢᠲᠡᠢ ᠬᠠᠮᠵᠢᠯᠴᠠᠨ᠎ᠠ᠃ ᠡᠭᠦᠷᠭᠡ ᠴᠢᠳᠠᠪᠬᠢᠳᠦ ᠨᠢᠭᠡᠴᠡ ᠨᠢ ᠠᠰᠠᠭᠤᠳᠠᠯ ᠢ ᠳᠠᠭᠠᠭᠠᠨ ᠭᠦᠢᠴᠡᠳᠬᠡᠭᠰᠡᠨ ᠤ ᠳᠠᠷᠠᠭ᠎ᠠ᠂ ᠭᠤᠮᠣᠳᠠᠯ ᠲᠣᠭᠠᠴᠢᠭᠴᠢ ᠲᠠᠢ ᠬᠠᠷᠢᠯᠴᠠᠵᠤ ᠪᠠᠶᠢᠳᠠᠯ ᠢ ᠣᠶᠢᠯᠠᠭᠠᠨ᠂ ᠭᠤᠮᠣᠳᠠᠯ ᠲᠣᠭᠠᠴᠢᠭᠴᠢ ᠶᠢᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠳᠤ᠂ ᠭᠤᠮᠣᠳᠠᠯ ᠲᠣᠭᠠᠴᠢᠭᠴᠢ ᠨᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠠᠵᠢᠯ ᠳᠤ ᠬᠠᠮᠵᠢᠯᠴᠠᠬᠤ ᠬᠠᠷᠢᠭᠤᠴᠠᠯᠭ᠎ᠠ ᠲᠠᠢ᠃    ᠭᠤᠷᠪᠠ᠂ ᠭᠤᠮᠣᠳᠠᠯ ᠲᠣᠭᠠᠴᠢᠭᠴᠢ ᠴᠠᠭ ᠲᠤᠬᠠᠢ ᠳᠤᠨᠢ ᠬᠠᠷᠢᠭᠤ ᠲᠤᠰᠬᠠᠵᠤ ᠦᠨᠡᠯᠡᠬᠦ᠃ ᠠᠰᠠᠭᠤᠳᠠᠯ ᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠭᠤᠶᠤᠴᠢᠯᠠᠭᠴᠢ ᠨᠢ ᠠᠰᠠᠭᠤᠳᠠᠯ ᠢ ᠭᠦᠢᠴᠡᠳᠬᠡᠵᠦ ᠳᠠᠭᠤᠰᠤᠭᠰᠠᠨ ᠮᠡᠳᠡᠭᠳᠡᠯ ᠢ ᠣᠯᠣᠭᠰᠠᠨ ᠤ ᠳᠠᠷᠠᠭ᠎ᠠ᠂ ᠠᠰᠠᠭᠤᠳᠠᠯ ᠢ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠤᠲᠠᠯᠠᠨ ᠦᠨᠡᠯᠡᠬᠦ ᠶᠢᠨ ᠬᠠᠮᠲᠤ ᠪᠠᠷᠠᠭᠤᠨ ᠦᠵᠦᠮᠦᠴᠢᠨ ᠬᠤᠰᠢᠭᠤᠨ ᠤ 12345 ᠠᠵᠢᠯ ᠤᠨ ᠥᠷᠲᠡᠭᠡ ᠶᠢᠨ ᠨᠤᠲᠠᠯᠠᠬᠤ ᠤᠲᠠᠰᠤ ᠵᠢᠴᠢ ᠠᠶᠢᠮᠠᠭ ᠤᠨ 12345 ᠲᠠᠪᠴᠠᠩ ᠤᠨ ᠬᠠᠷᠢᠭᠤ ᠰᠤᠷᠪᠤᠯᠵᠢᠯᠠᠬᠤ ᠤᠲᠠᠰᠤ ᠶᠢ ᠴᠠᠭ ᠲᠤᠬᠠᠢ ᠳᠤᠨᠢ ᠭᠥᠯᠢᠶᠡᠨ ᠠᠪᠴᠤ᠂ ᠰᠢᠢᠳᠪᠦᠷᠢᠯᠡᠭᠰᠡᠨ ᠦᠷ᠎ᠡ ᠳ᠋ᠦᠩ ᠳᠤ ᠬᠠᠷᠢᠭᠤ ᠲᠤᠰᠬᠠᠬᠤ ᠪᠠ ᠦᠨᠡᠯᠡᠯᠲᠡ ᠬᠢᠬᠦ ᠬᠡᠷᠡᠭᠲᠡᠢ᠃ ᠬᠡᠷᠪᠡ ᠭᠤᠮᠣᠳᠠᠯ ᠭᠤᠶᠤᠴᠢᠯᠠᠭᠴᠢ ᠨᠢ ᠰᠢᠢᠳᠪᠦᠷᠢᠯᠡᠭᠰᠡᠨ ᠦᠷ᠎ᠡ ᠳ᠋ᠦᠩ ᠳᠤ ᠬᠠᠨᠤᠮᠵᠢ ᠦᠭᠡᠢ ᠪᠠᠶᠢᠪᠠᠯ᠂ ᠤᠲᠠᠰᠤ ᠪᠤᠶᠤ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠭᠤᠮᠣᠳᠠᠯ ᠲᠣᠭᠠᠴᠢᠬᠤ ᠪᠤᠶᠤ ᠰᠠᠨᠠᠭᠤᠯᠭ᠎ᠠ ᠳᠤᠷᠠᠳᠴᠤ᠂ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠪᠠ ᠰᠠᠶᠢᠵᠢᠷᠠᠭᠤᠯᠬᠤ ᠶᠢ ᠠᠬᠢᠭᠤᠯᠵᠤ ᠪᠣᠯᠣᠨ᠎ᠠ᠃     ᠳᠥᠷᠪᠡ᠂ ᠬᠠᠯᠠᠮᠰᠢᠯ ᠤᠲᠠᠰᠤ ᠶᠢᠨ ᠡᠮᠬᠢ ᠳᠢᠭᠯᠢᠮ ᠢ ᠬᠠᠮᠲᠤᠪᠠᠷ ᠬᠠᠮᠠᠭᠠᠯᠠᠨ᠎ᠠ᠃       12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵12345 ᠬᠠᠯᠠᠮᠰᠢᠯ ᠤᠲᠠᠰᠤ ᠭᠡᠵᠦ ᠲᠣᠪᠴᠢᠯᠠᠨ᠎ᠠ︶ ᠪᠣᠯ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ ᠪᠣᠯᠣᠨ᠎ᠠ᠃ ᠬᠠᠯᠠᠮᠰᠢᠯ ᠤᠲᠠᠰᠤᠨ ᠤ ᠬᠡᠷᠡᠭᠯᠡᠭᠴᠢ ᠪᠣᠯᠤᠭᠰᠠᠨ ᠤ ᠬᠤᠪᠢ ᠳᠤ᠂ ᠪᠢᠳᠡ ᠬᠠᠯᠠᠮᠰᠢᠯ ᠤᠲᠠᠰᠤᠨ ᠤ ᠡᠮᠬᠢ ᠵᠢᠷᠤᠮ ᠪᠠ ᠰᠠᠶᠢᠨ ᠰᠠᠶᠢᠬᠠᠨ ᠳᠦᠷᠢ ᠲᠥᠷᠬᠦ ᠶᠢ ᠬᠠᠮᠲᠤ ᠪᠠᠷ ᠬᠠᠮᠠᠭᠠᠯᠠᠪᠠᠯ ᠵᠣᠬᠢᠨ᠎ᠠ᠃ ᠬᠠᠯᠠᠮᠰᠢᠯ ᠤᠲᠠᠰᠤ ᠶᠢ ᠤᠲᠠᠰᠤᠳᠠᠬᠤ ᠳᠠᠭᠠᠨ ᠬᠠᠯᠠᠮᠰᠢᠯ ᠤᠲᠠᠰᠤᠨ ᠤ ᠦᠢᠯᠡᠴᠢᠯᠡᠭᠡᠨ ᠤ ᠲᠣᠭᠲᠠᠭᠠᠯ ᠢ ᠵᠢᠷᠤᠮᠯᠠᠵᠤ᠂ ᠠᠵᠢᠯᠲᠠᠨ ᠪᠠ ᠪᠤᠰᠤᠳ ᠬᠡᠷᠡᠭᠯᠡᠭᠴᠢ ᠶᠢᠨ ᠡᠷᠬᠡ ᠠᠰᠢᠭ ᠢ ᠬᠦᠨᠳᠦᠳᠬᠡᠵᠦ᠂ ᠪᠤᠰᠤᠳ ᠢ ᠮᠠᠭᠤ ᠰᠠᠨᠠᠭ᠎ᠠ ᠲᠠᠢ ᠪᠠᠷ ᠦᠢᠮᠡᠭᠦᠯᠬᠦ᠂ ᠭᠤᠲᠤᠭᠠᠨ ᠳᠣᠷᠣᠮᠵᠢᠯᠠᠬᠤ ᠪᠤᠶᠤ ᠳᠠᠭᠠᠷᠢᠵᠤ ᠪᠣᠯᠬᠤ ᠦᠭᠡᠢ᠂ ᠣᠯᠠᠨ ᠨᠡᠶᠢᠲᠡ ᠶᠢᠨ ᠡᠬᠢ ᠪᠠᠶᠠᠯᠢᠭ ᠢ ᠶᠣᠰᠣ ᠪᠤᠰᠤ ᠪᠠᠷ ᠳᠤᠷ᠎ᠠ ᠪᠠᠷ ᠢᠶᠠᠨ ᠡᠵᠡᠯᠡᠨ ᠬᠡᠷᠡᠭᠯᠡᠵᠦ᠂ ᠲᠡᠭᠦᠨ ᠢᠶᠠᠷ ᠬᠤᠪᠢ ᠬᠥᠮᠥᠨ ᠤ ᠶᠣᠰᠣ ᠪᠤᠰᠤ ᠭᠤᠮᠣᠳᠠᠯ ᠱᠠᠭᠠᠷᠳᠠᠯᠭ᠎ᠠ ᠳᠤ ᠬᠦᠷᠬᠦ ᠲᠠᠪᠴᠠᠩ ᠪᠤᠶᠤ ᠬᠤᠪᠢ ᠬᠥᠮᠥᠨ ᠤ ᠤᠷᠮ᠎ᠠ ᠰᠡᠳᠬᠢᠯᠭᠡ ᠪᠠᠨ ᠢᠯᠡᠳᠬᠡᠬᠦ ᠪᠠᠭᠠᠵᠢ ᠪᠣᠯᠭᠠᠵᠤ ᠪᠣᠯᠬᠤ ᠦᠭᠡᠢ᠃ ᠬᠠᠮᠤᠭ ᠰᠡᠭᠦᠯ ᠳᠤ᠂ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠶᠢ ᠵᠥᠪ ᠣᠨᠣᠪᠴᠢᠲᠠᠶ ᠵᠦᠢ ᠵᠣᠬᠢᠰᠲᠠᠢ ᠬᠡᠷᠡᠭᠯᠡᠵᠦ᠂ ᠭᠤᠮᠣᠳᠠᠯ ᠲᠣᠭᠠᠴᠢᠭᠴᠢ ᠶᠢᠨ ᠬᠤᠪᠢ ᠪᠠᠷ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ  ᠠᠰᠠᠭᠤᠳᠠᠯ ᠭᠦᠢᠴᠡᠳᠬᠡᠬᠦ ᠠᠵᠢᠯ ᠳᠤ ᠢᠳᠡᠪᠬᠢᠲᠡᠢ ᠬᠠᠮᠵᠢᠯᠴᠠᠨ᠂ ᠵᠦᠢ ᠵᠣᠬᠢᠰᠲᠠᠢ ᠭᠤᠮᠣᠳᠠᠯ ᠲᠣᠭᠠᠴᠢᠯᠲᠠ ᠶᠢ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠢ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠢ ᠨᠡᠶᠢᠭᠡᠮ ᠤᠨ ᠠᠭᠤᠷ ᠠᠮᠢᠰᠬᠤᠯ ᠪᠠ ᠰᠢᠯᠢᠳᠡᠭ ᠦᠢᠯᠡᠴᠢᠯᠡᠭᠡᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠵᠤ᠂ ᠨᠡᠶᠢᠭᠡᠮ ᠤᠨ ᠬᠥᠭᠵᠢᠯᠲᠡ ᠪᠠ ᠳᠠᠪᠰᠢᠯᠲᠠ ᠶᠢ ᠬᠠᠮᠲᠤ ᠪᠠᠷ ᠲᠦᠯᠬᠢᠨ ᠠᠬᠢᠭᠤᠯᠬᠤ ᠶᠢ ᠪᠢᠳᠡ ᠥᠷᠭᠡᠨ ᠣᠯᠠᠨ ᠰᠠᠭᠤᠭᠠᠯᠢ ᠠᠷᠠᠳ ᠲᠤ ᠳᠠᠬᠢᠨᠲᠠ ᠤᠷᠢᠶᠠᠯᠠᠵᠤ ᠪᠠᠶᠢᠨ᠎ᠠ᠃        ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠪᠴᠢᠶ᠎ᠠ                  2024 ᠣᠨ ᠤ 5 ᠰᠠᠷ᠎ᠠ ᠶᠢᠨ 7᠎ ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号