ᠮᠠᠯᠴᠢᠨ ᠮᠦᠩᠬᠡᠵᠢᠷᠭᠠᠯ ᠪᠤᠷᠴᠠ ᠪᠤᠷᠤᠯᠠᠭᠤᠯᠤᠨ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/5/9
     ᠤᠶᠢᠷ᠎ᠠ ᠶᠢᠨ ᠵᠢᠯ ᠳᠤ ᠮᠠᠯ ᠤᠨ ᠦᠨ᠎ᠡ ᠬᠠᠩᠰᠢ ᠪᠠᠭᠤᠷᠠᠵᠦ ᠪᠤᠷᠤᠯᠠᠭᠤᠯᠭ᠎ᠠ ᠠᠨᠠᠢ ᠪᠤᠯᠤᠭᠰᠠᠨ ᠵᠠᠬ᠎ᠠ ᠲᠡᠯᠭᠡᠭᠦᠷ ᠤᠨ ᠡᠭᠡᠳᠡᠷᠡᠭᠡᠨᠳᠦ ᠪᠠᠶᠢᠳᠠᠯ ᠳᠤ ᠮᠠᠯᠴᠢᠳ ᠮᠠᠨᠢ ᠬᠠᠷᠠᠵᠦ ᠰᠠᠭᠤᠯ ᠦᠭᠡᠢ ᠬᠢᠵᠦ ᠤᠷᠤᠯᠳᠤᠬᠤ ᠪᠤᠯᠵᠤ᠂ ᠮᠠᠯ ᠤᠨ ᠪᠤᠷᠤᠯᠠᠭᠤᠯᠭ᠎ᠠ ᠪᠠᠨ ᠦᠷᠭᠡᠳᠬᠡᠬᠦ ᠠᠷᠭ᠎ᠠ ᠵᠠᠮ ᠬᠠᠶᠢᠬᠤ ᠪᠤᠶᠤ ᠮᠠᠯ ᠤᠨ ᠠᠰᠢᠭ ᠰᠢᠮ᠎ᠡ ᠪᠠᠨ ᠪᠤᠯᠪᠠᠰᠤᠷᠠᠭᠤᠯᠤᠨ ᠪᠤᠷᠤᠯᠠᠭᠤᠯᠬᠤ ᠪᠠᠷ ᠲᠠᠮᠵᠢᠭᠤᠯᠤᠨ ᠮᠠᠯᠵᠢᠬᠤ ᠦᠢᠯᠡᠳᠪᠦᠷᠢᠯᠡᠯ ᠤᠨ ᠦᠷ᠎ᠡ ᠪᠦᠳᠦᠮᠵᠢ ᠪᠠᠨ ᠲᠡᠭᠡᠭᠰᠢᠯᠡᠬᠦᠯᠦᠨ᠂ ᠠᠰᠢᠭ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃
       ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠢᠯᠠᠯᠳᠠ ᠭᠠᠴᠠᠭᠠᠨ ᠤ ᠮᠠᠯᠴᠢᠨ ᠮᠦᠩᠬᠡᠵᠢᠷᠭᠠᠯ  ᠤᠨ ᠬᠢ ᠲᠦᠷᠦᠭᠦᠦ ᠬᠡᠳᠦᠨ ᠵᠢᠯ ᠮᠠᠯ ᠰᠦᠷᠦᠭ ᠡᠯᠪᠡᠭ ᠲᠠᠢ ᠮᠠᠯᠵᠢᠯ ᠤᠨ ᠲᠤᠮᠤᠬᠠᠨ ᠡᠷᠦᠬᠡ ᠪᠠᠶᠢᠵᠠᠢ᠃ ᠭᠡᠪᠡᠴᠦ ᠡᠪᠡᠰᠦ ᠪᠤᠷᠳᠤᠭᠠᠨ ᠤ ᠦᠨ᠎ᠡ ᠦᠰᠴᠦ᠂ ᠮᠠᠯ ᠤᠨ ᠦᠨ᠎ᠡ ᠲᠤᠭᠳᠠᠪᠤᠷᠢ ᠦᠭᠡᠢ ᠪᠤᠯᠤᠭᠰᠠᠨ ᠢᠶᠠᠷ ᠮᠠᠯ ᠤᠨ ᠲᠤᠭ᠎ᠠ ᠤᠯᠠᠨ ᠴᠦ ᠮᠠᠯᠵᠢᠬᠤ ᠦᠢᠯᠡᠳᠪᠦᠷᠢᠯᠡᠯ ᠤᠨ ᠠᠰᠢᠭ ᠤᠷᠤᠯᠭ᠎ᠠ ᠨᠢ ᠨᠡᠮᠡᠭᠳᠡᠬᠦ ᠦᠭᠡᠢ ᠪᠤᠯᠪᠠ᠃ ᠡᠶᠢᠨᠬᠦ ᠮᠦᠩᠬᠡᠵᠢᠷᠭᠠᠯ ᠦᠬᠡᠷ ᠭᠤᠤᠯᠳᠠᠭᠤᠯᠤᠨ ᠮᠠᠯᠵᠢᠬᠤ ᠪᠤᠯᠵᠤ᠂ ᠤᠳᠤ ᠶᠡᠷᠡᠭᠡᠳ ᠦᠬᠡᠷ᠂ ᠴᠦᠭᠡᠪᠦᠷᠢ ᠬᠤᠨᠢ ᠮᠠᠯᠵᠢᠬᠤ ᠶᠢᠨ ᠬᠠᠮᠳᠤ᠂ ᠦᠬᠡᠷ ᠤᠨ ᠮᠢᠬ᠎ᠠ ᠬᠠᠳᠠᠭᠠᠨ ᠪᠤᠷᠴᠠᠯᠠᠵᠦ ᠪᠤᠷᠤᠯᠠᠭᠤᠯᠵᠤ ᠪᠠᠶᠢᠨ᠎ᠠ᠃
       ᠪᠤᠷᠴᠠ ᠨᠢ ᠮᠤᠩᠭᠤᠯᠴᠤᠳ ᠤᠨ ᠤᠯᠠᠮᠵᠢᠯᠠᠯᠳᠤ ᠢᠳᠡᠭᠡᠨ ᠪᠠᠶᠢᠵᠤ᠂ ᠨᠡᠩ ᠴᠦ ᠪᠠᠶᠢᠭᠠᠯᠢᠯᠢᠭ ᠪᠡᠯᠴᠢᠭᠡᠷ ᠲᠤ ᠮᠠᠯᠵᠢᠵᠤ ᠢᠷᠡᠭᠰᠡᠨ ᠨᠤᠳᠤᠭ ᠤᠨ ᠦᠬᠡᠷ ᠤᠨ ᠮᠢᠬ᠎ᠠ ᠨᠢ ᠪᠤᠷᠴᠠᠯᠠᠵᠦ ᠬᠠᠳᠠᠭᠠᠬᠤ ᠳᠤ ᠲᠤᠬᠢᠷᠠᠮᠵᠢᠳᠠᠢ᠂ ᠠᠮᠳᠠ ᠰᠢᠮ᠎ᠡ ᠰᠠᠶᠢᠳᠠᠢ ᠪᠠᠶᠢᠳᠠᠭ᠃ ᠮᠦᠩᠬᠡᠵᠢᠷᠭᠠᠯ ᠮᠢᠬ᠎ᠠ ᠬᠠᠳᠠᠭᠠᠬᠤ ᠲᠤᠰᠬᠠᠢ ᠭᠡᠷ ᠪᠠᠷᠢᠵᠦ ᠤᠯᠠᠮᠵᠢᠯᠠᠯᠳᠤ ᠠᠷᠭ᠎ᠠ ᠪᠠᠷ ᠢᠶᠠᠨ ᠬᠠᠳᠠᠭᠠᠨ ᠪᠤᠷᠴᠠᠯᠠᠵᠦ ᠢᠷᠡᠭᠰᠡᠨ ᠢᠶᠠᠷ ᠡᠳᠡᠨ ᠤ ᠦᠬᠡᠷ ᠤᠨ ᠪᠤᠷᠴᠠ ᠨᠢ ᠬᠡᠷᠡᠭᠯᠡᠭᠴᠢᠳ ᠤᠨ ᠲᠠᠭᠠᠰᠢᠶᠠᠯ ᠢ ᠤᠯᠵᠤ ᠪᠤᠷᠤᠯᠠᠭᠤᠯᠭ᠎ᠠ ᠰᠠᠶᠢᠳᠠᠢ ᠪᠠᠶᠢᠨ᠎ᠠ᠃
      ᠮᠦᠩᠬᠡᠵᠢᠷᠭᠠᠯ 2023 ᠤᠨ ᠳᠤ ᠲᠦᠷᠪᠡᠨ ᠰᠤᠪᠠᠢ ᠦᠨᠢᠶ᠎ᠡ ᠪᠠᠵᠠᠭᠠᠨ ᠮᠢᠬ᠎ᠠ ᠶᠢ ᠨᠢ ᠪᠤᠷᠴᠠᠯᠠᠨ ᠬᠤᠳᠠᠯᠳᠤᠵᠤ᠂ ᠦᠪᠡᠷ ᠤᠨ ᠦᠷᠳᠡᠭ ᠢ ᠨᠢ ᠬᠠᠰᠤᠭᠠᠳ 3 ᠲᠦᠮᠡᠨ ᠲᠦᠭᠦᠷᠢᠭ ᠤᠨ ᠠᠰᠢᠭ ᠤᠷᠤᠯᠭ᠎ᠠ ᠤᠯᠪᠠ᠃ ᠡᠶᠢᠨᠬᠦ ᠲᠡᠷᠡᠪᠡᠷ ᠨᠤᠳᠤᠭ ᠪᠡᠯᠴᠢᠭᠡᠷ ᠢᠶᠠᠨ ᠬᠠᠮᠠᠭᠠᠯᠠᠬᠤ᠂ ᠠᠰᠢᠭ ᠤᠷᠤᠯᠭ᠎ᠠ ᠪᠠᠨ ᠨᠡᠮᠡᠭᠳᠡᠬᠦᠯᠬᠦ ᠬᠤᠤᠰ ᠦᠷ᠎ᠡ ᠠᠰᠢᠭ ᠡᠭᠦᠳᠴᠦ ᠴᠢᠨᠡᠭᠡᠯᠢᠭ ᠠᠮᠢᠳᠤᠷᠠᠯ ᠢᠶᠠᠨ ᠴᠤᠠᠠᠴᠠᠯᠠᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号