ᠪᠠᠷᠠᠭᠤᠨ ᠦᠵᠦᠮᠦᠴᠢᠨ ᠬᠤᠰᠢᠭᠤᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠱᠠᠩᠨᠠᠯ ᠲᠠᠢ ᠪᠠᠷ ᠢᠯᠡᠴᠢᠯᠡᠨ ᠮᠡᠳᠡᠭᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/9
     ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠳᠠᠶᠠᠭᠠᠷ ᠤᠨ ᠭᠠᠵᠢᠭᠤ ᠨᠣᠮᠯᠠᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠳᠤ ᠥᠷᠭᠡᠨ ᠤᠯᠠᠨ ᠲᠦᠮᠡᠨ ᠤ ᠣᠷᠣᠯᠴᠠᠬᠤ ᠢᠳᠡᠪᠬᠢᠵᠢᠯ ᠢ ᠲᠠᠶᠢᠴᠢᠯᠠᠨ᠂ ᠭᠠᠵᠢᠭᠤ ᠨᠣᠮᠯᠠᠯ ᠤᠨ ᠠᠵᠢᠯᠯᠠᠭ᠎ᠠ ᠶᠢ ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ ᠰᠡᠷᠭᠡᠶᠢᠯᠡᠨ ᠰᠢᠢᠳᠪᠦᠷᠢᠯᠡᠬᠦ ᠪᠠᠶᠢᠷᠢᠰᠢᠯ ᠢ ᠴᠢᠷᠮᠠᠶᠢᠨ ᠪᠤᠢ ᠪᠤᠯᠭᠠᠬᠤ ᠶᠢᠨ ᠳᠦᠯᠦᠭᠡ᠂ ᠡᠳᠦᠭᠡ 2024 ᠣᠨ ᠤ 3 ᠰᠠᠷ᠎ᠠ ᠶᠢᠨ 18 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠨᠡᠶᠢᠭᠡᠮ ᠨᠡᠶᠢᠲᠡ ᠠᠴᠠ ᠭᠠᠵᠢᠭᠤ ᠨᠣᠮᠯᠠᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡ ᠪᠠᠷ ᠴᠤᠭᠯᠠᠭᠤᠯᠬᠤ ᠪᠠᠷ ᠪᠣᠯᠪᠠ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠢᠯᠡᠴᠢᠯᠡᠨ ᠮᠡᠳᠡᠭᠦᠯᠦᠭᠰᠡᠨ ᠠᠭᠤᠯᠭ᠎ᠠ    1.ᠱᠠᠰᠢᠨ ᠰᠢᠲᠦᠭᠴᠢ ᠲᠣᠭᠲᠠᠭᠰᠠᠨ ᠲᠠᠯᠠᠪᠤᠷ ᠲᠤ ᠱᠠᠰᠢᠨ ᠰᠤᠷᠲᠠᠬᠤᠨ ᠤ ᠠᠵᠢᠯᠯᠠᠭ᠎ᠠ ᠬᠢᠭᠰᠡᠨ ᠦᠭᠡᠢ᠂ ᠡᠰᠡᠬᠦᠯ᠎ᠡ ᠦᠷᠭᠦᠯᠵᠢ ᠨᠢᠭᠤᠴᠠ ᠪᠠᠷ ᠤᠯᠠᠨ ᠢ ᠴᠤᠭᠯᠠᠭᠤᠯᠵᠤ ᠪᠤᠯᠪᠠᠰᠤᠷᠠᠯ ᠬᠢᠬᠦ᠂ ᠡᠰᠡᠬᠦᠯ᠎ᠡ ᠵᠢᠩᠬᠢᠨᠢ ᠱᠠᠰᠢᠨ ᠰᠤᠷᠲᠠᠬᠤᠨ ᠤ ᠲᠠᠯᠠᠪᠤᠷ ᠲᠤ ᠣᠴᠢᠵᠤ ᠰᠦᠰᠦᠭᠲᠡᠨ ᠢ ᠲᠠᠲᠠᠵᠤ ᠭᠠᠵᠢᠭᠤ ᠨᠣᠮᠯᠠᠯ ᠢ ᠰᠢᠲᠦᠭᠦᠯᠦᠭᠰᠡᠨ᠃    2. ᠴᠢᠬᠤᠯᠠ ᠤᠯᠠᠨ ᠨᠡᠶᠢᠲᠡ ᠶᠢᠨ ᠲᠠᠯᠠᠪᠤᠷ᠂ ᠬᠢᠨᠠᠨ ᠬᠠᠮᠢᠶᠠᠷᠬᠤ ᠲᠠᠯᠠᠪᠤᠷ ᠭᠠᠵᠠᠷ ᠪᠤᠶᠤ ᠤᠯᠤᠰ ᠤᠨ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠴᠤᠭᠯᠠᠷᠠᠨ ᠬᠡᠷᠡᠭ ᠡᠳᠦᠵᠦ᠂ ᠭᠠᠵᠢᠭᠤ ᠨᠣᠮᠯᠠᠯ ᠤᠨ ᠠᠵᠢᠯᠯᠠᠭ᠎ᠠ ᠶᠢ ᠢᠯᠡ ᠪᠠᠷ ᠬᠢᠭᠰᠡᠨ᠃    3. ᠮᠡᠳᠡᠭᠡ ᠬᠤᠯᠪᠣᠭ᠎ᠠ᠂ ᠰᠦᠯᠵᠢᠶ᠎ᠡ ᠶᠢ ᠠᠰᠢᠭᠯᠠᠨ ᠭᠠᠵᠢᠭᠤ ᠨᠣᠮᠯᠠᠯ ᠢ ᠤᠬᠠᠭᠤᠯᠵᠤ᠂ ᠭᠠᠵᠢᠭᠤ ᠨᠣᠮᠯᠠᠯ ᠢ ᠤᠬᠠᠭᠤᠯᠤᠭᠰᠠᠨ ᠡᠯᠧᠺᠲᠷᠣᠨ ᠭᠡᠷᠡᠯ ᠵᠢᠷᠤᠭ᠂ ᠨᠣᠮ ᠪᠢᠴᠢᠭ᠂ ᠰᠡᠳᠬᠦᠯ᠂ ᠲᠡᠭᠤ ᠳᠦᠷᠰᠦ ᠰᠢᠩᠭᠡᠭᠡᠯᠲᠡ ᠶᠢ ᠦᠢᠯᠡᠳᠴᠦ᠂ ᠤᠯᠠᠮᠵᠢᠯᠠᠨ ᠲᠠᠷᠬᠠᠭᠠᠵᠤ᠂ QQ᠂ ᠸᠢᠴᠠᠲ᠂ ᠲᠢᠺ ᠲᠤᠺ᠂ ᠪᠢᠴᠢᠯ ᠪᠦᠷᠭᠡ ᠵᠡᠷᠭᠡ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠵᠠᠭᠤᠴᠢ ᠶᠢ ᠠᠰᠢᠭᠯᠠᠨ᠂ ᠭᠠᠵᠢᠭᠤ ᠨᠣᠮᠯᠠᠯ ᠤᠨ ᠠᠭᠤᠯᠭ᠎ᠠ ᠶᠢ ᠤᠬᠠᠭᠤᠯᠤᠭᠰᠠᠨ᠃    4. ᠭᠠᠵᠢᠭᠤ ᠨᠣᠮᠯᠠᠯ ᠤᠨ ᠵᠢᠷᠤᠭ᠂ ᠤᠬᠠᠭᠤᠯᠭ᠎ᠠ ᠶᠢᠨ ᠬᠠᠭᠤᠳᠠᠰᠤ᠂ ᠤᠷᠢᠶ᠎ᠠ ᠯᠣᠽᠦ᠋ᠩ᠂ ᠰᠣᠨᠢᠨ᠂ ᠨᠣᠮ ᠪᠢᠴᠢᠭ᠂ ᠬᠤᠭᠤᠴᠠᠭᠠᠲᠤ ᠰᠡᠳᠬᠦᠯ᠂ ᠳᠠᠭᠤ ᠰᠢᠩᠭᠡᠭᠡᠯᠲᠡ ᠶᠢᠨ ᠲᠠᠶᠢᠫ᠂ ᠳᠦᠷᠰᠦ ᠰᠢᠩᠭᠡᠭᠡᠯᠲᠡ ᠶᠢᠨ ᠲᠠᠶᠢᠫ᠂ ᠭᠡᠷᠡᠯᠯᠢᠭ ᠳ᠋ᠢᠰᠺ᠂ ᠬᠥᠨᠳᠡᠯᠡᠨ ᠪᠢᠴᠢᠭᠡᠰᠦ᠂ ᠡᠯᠭᠦᠭᠡ ᠪᠢᠴᠢᠭᠡᠰᠦ᠂ ᠢᠯᠡᠳᠬᠡᠮᠵᠢ ᠲᠡᠮᠳᠡᠭ᠂ ᠲᠡᠮᠳᠡᠭ ᠪᠣᠳᠠᠰ᠂ ᠲᠤᠭ ᠲᠡᠮᠳᠡᠭ᠂ ᠰᠦᠯᠳᠡ ᠲᠡᠮᠳᠡᠭ᠂ ᠬᠤᠪᠴᠠᠰᠤ ᠵᠠᠰᠠᠯ᠂ ᠡᠳ᠋ᠯᠡᠯ ᠬᠡᠷᠡᠭᠰᠡᠯ᠂ ᠳᠤᠷᠠᠰᠬᠠᠯ ᠤᠨ ᠡᠳ᠋ ᠵᠡᠷᠭᠡ ᠡᠳ᠋ ᠪᠣᠳᠠᠰ ᠢ ᠦᠢᠯᠡᠳᠦᠭᠰᠡᠨ᠂ ᠰᠢᠤᠳᠠᠨ ᠢᠶᠠᠷ ᠢᠯᠡᠭᠡᠭᠰᠡᠨ᠂ ᠲᠠᠷᠬᠠᠭᠠᠭᠰᠠᠨ᠃    5. ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ᠂ ᠠᠭᠤᠳᠠᠮ ᠲᠡᠯᠡᠪᠡᠢ᠂ ᠬᠤᠳᠠᠯᠳᠤᠭᠠᠨ ᠤ ᠲᠡᠯᠡᠪᠡᠢ᠂ ᠲᠡᠷᠭᠡᠨ‌ᠦᠷᠲᠡᠭᠡ ᠵᠡᠷᠭᠡ ᠤᠯᠡᠠ ᠨᠡᠶᠢᠲᠡ ᠶᠢᠨ ᠲᠠᠯᠠᠪᠤᠷ ᠲᠤ ᠲᠡᠭᠤ ᠳᠦᠷᠰᠦ ᠰᠢᠩᠭᠡᠭᠡᠯᠲᠡ ᠶᠢ ᠢᠯᠠ ᠪᠠᠷ ᠨᠡᠪᠲᠡᠷᠡᠭᠦᠯᠬᠦ᠂ ᠤᠷᠢᠶ᠎ᠠ ᠬᠠᠰᠬᠢᠷᠬᠤ᠂ ᠬᠢᠴᠢᠶᠡᠯ ᠣᠷᠣᠬᠤ᠂ ᠭᠠᠵᠢᠭᠤ ᠨᠣᠮᠯᠠᠯ ᠢ ᠤᠬᠠᠭᠤᠯᠬᠤ᠂ ᠡᠰᠡᠬᠦᠯ᠎ᠡ ᠬᠡᠷᠡᠮ᠂ ᠭᠠᠵᠠᠷ ᠤᠨ ᠭᠠᠳᠠᠷᠭᠤ᠂ ᠮᠣᠳᠣ᠂ ᠤᠲᠠᠰᠤᠨ ᠪᠠᠭᠠᠨ᠎ᠠ ᠳᠡᠭᠡᠷ᠎ᠡ ᠬᠥᠨᠳᠡᠯᠡᠨ ᠪᠢᠴᠢᠭᠡᠰᠦ᠂ ᠡᠯᠭᠦᠭᠡ ᠪᠢᠴᠢᠭᠡᠰᠦ᠂ ᠤᠷᠢᠶ᠎ᠠ ᠯᠣᠽᠦ᠋ᠩ ᠪᠢᠴᠢᠬᠦ᠂ ᠰᠦᠷᠴᠢᠨ ᠰᠢᠷᠳᠡᠬᠦ᠂ ᠨᠠᠭᠠᠬᠤ᠂ ᠡᠯᠭᠦᠬᠦ ᠪᠤᠶᠤ ᠠᠰᠬᠠᠬᠤ᠂ ᠰᠢᠳᠡᠬᠦ᠂ ᠲᠠᠷᠬᠠᠭᠠᠬᠤ᠂ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠭᠠᠵᠢᠭᠤ ᠨᠣᠮᠯᠠᠯ ᠢ ᠤᠬᠠᠭᠤᠯᠤᠭᠰᠠᠨ᠃    6.ᠰᠤᠷᠭᠠᠭᠤᠯᠢ ᠳᠤ ᠰᠤᠷᠤᠭᠴᠢᠳ ᠢ ᠲᠠᠲᠠᠵᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠵᠤ᠂ ᠨᠠᠰᠤᠨ ᠳᠤ ᠥᠯᠥ ᠬᠦᠷᠦᠭᠰᠡᠦᠠ ᠲᠤ ᠭᠠᠵᠢᠭᠤ ᠨᠣᠮᠯᠠᠯ ᠢ ᠤᠬᠠᠭᠤᠯᠤᠭᠰᠠᠨ᠃    7.ᠲᠦᠷᠦ ᠶᠢᠨ ᠠᠵᠢᠯᠲᠠᠨ ᠭᠠᠵᠢᠭᠤ ᠨᠣᠮᠯᠠᠯ ᠤᠨ ᠠᠵᠢᠯᠯᠠᠭ᠎ᠠ ᠬᠢᠭᠰᠡᠨ᠃    8. ᠭᠠᠵᠢᠭᠤ ᠨᠣᠮᠯᠠᠯ ᠢ ᠵᠣᠬᠢᠶᠠᠨ ᠪᠠᠶᠢᠭᠤᠯᠵᠤ᠂ ᠠᠰᠢᠭᠯᠠᠵᠤ ᠪᠠᠶᠢᠭᠠᠳ ᠵᠣᠭᠤᠰ ᠮᠥᠩᠭᠦ ᠮᠡᠬᠡᠯᠡᠨ ᠠᠪᠤᠭᠰᠠᠨ᠃    9.ᠭᠠᠵᠢᠭᠤ ᠨᠣᠮᠯᠠᠯ ᠳᠤ ᠬᠤᠯᠪᠣᠭᠳᠠᠭᠰᠠᠨ ᠬᠥᠮᠥᠰ ᠭᠠᠵᠢᠭᠤ ᠨᠣᠮᠯᠠᠯ ᠭᠠᠵᠢᠭᠤ ᠶᠣᠰᠣ ᠭᠠᠵᠢᠭᠤ ᠨᠣᠮᠯᠠᠯ ᠢ ᠤᠯᠠᠮᠵᠢᠯᠠᠨ ᠲᠠᠷᠬᠠᠭᠠᠵᠤ᠂ ᠬᠦᠴᠦᠷᠬᠡᠭᠯᠡᠯ᠂ ᠰᠦᠷᠳᠡᠭᠦᠯᠦᠯ ᠵᠢᠴᠢ ᠪᠤᠰᠤᠳ ᠠᠷᠭ᠎ᠠ ᠪᠠᠷᠢᠯ ᠢᠶᠠᠷ ᠪᠤᠰᠤᠳ ᠢ ᠬᠠᠭᠤᠷᠤᠨ ᠮᠡᠬᠡᠯᠡᠵᠦ᠂ ᠠᠶᠤᠯᠭᠠᠨ ᠰᠦᠷᠳᠡᠭᠦᠯᠵᠦ ᠪᠠᠶᠢᠭᠠᠳ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠤᠭᠰᠠᠨ ᠪᠤᠶᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠪᠤᠰᠤᠳ ᠬᠥᠮᠥᠨ ᠤ ᠤᠬᠤᠷᠢᠨ ᠭᠠᠷᠬᠤ ᠶᠢ ᠬᠤᠷᠢᠭᠯᠠᠭᠰᠠᠨ᠂ ᠢᠯᠠᠩᠭᠤᠶ᠎ᠠ ᠲᠡᠭᠦᠨ ᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠢ ᠠᠰᠢᠭᠯᠠᠨ ᠲᠡᠭᠦᠨ ᠢ ᠬᠠᠭᠤᠷᠤᠨ ᠮᠡᠬᠡᠯᠡᠵᠦ ᠪᠠᠶᠢᠭᠠᠳ ᠭᠠᠵᠢᠭᠤ ᠨᠣᠮᠯᠠᠯ ᠢ ᠰᠢᠲᠦᠭᠦᠯᠦᠭᠰᠡᠨ᠃    10.ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠰᠢᠭᠯᠠᠵᠤ᠂ ᠮᠤᠬᠤᠷ ᠪᠢᠰᠢᠷᠡᠯ ᠤᠨ ᠭᠠᠵᠢᠭᠤ ᠰᠤᠷᠭᠠᠯ ᠢ ᠵᠣᠬᠢᠶᠠᠨ ᠲᠠᠷᠬᠠᠭᠠᠵᠤ᠂ ᠪᠦᠷᠢᠯᠳᠦᠭᠦᠨ ᠢᠶᠠᠨ ᠪᠤᠶᠤ ᠪᠤᠰᠤᠳ ᠬᠥᠮᠥᠨ ᠢ ᠵᠣᠬᠢᠶᠠᠨ ᠪᠠᠶᠢᠭᠤᠯᠵᠤ᠂ ᠤᠬᠠᠭᠠᠯᠠᠨ ᠰᠡᠳᠦᠵᠦ᠂ ᠥᠳᠥᠭᠡᠵᠦ᠂ ᠠᠶᠤᠯᠭᠠᠨ ᠰᠦᠷᠳᠡᠭᠦᠯᠵᠦ᠂ ᠵᠢᠭᠠᠨ ᠳᠣᠬᠢᠵᠤ᠂ ᠬᠠᠪᠰᠤᠷᠴᠤ ᠪᠠᠶᠢᠭᠠᠳ ᠪᠡᠶ᠎ᠡ ᠪᠠᠨ ᠬᠤᠣᠷᠯᠠᠭᠤᠯᠤᠭᠰᠠᠨ᠂ ᠥᠪᠡᠷ ᠢ ᠪᠠᠨ ᠰᠢᠷᠬᠠᠲᠤᠭᠤᠯᠤᠭᠰᠠᠨ᠃   11.ᠭᠠᠵᠢᠭᠤ ᠨᠣᠮᠯᠠᠯ ᠤᠨ ᠠᠵᠢᠯᠯᠠᠭ᠎ᠠ ᠲᠠᠢ ᠬᠤᠯᠪᠣᠭᠳᠠᠬᠤ ᠪᠤᠰᠤᠳ ᠰᠡᠵᠢᠭᠯᠡᠯᠲᠡᠢ ᠬᠥᠮᠥᠨ᠂ ᠬᠡᠷᠡᠭ᠂ ᠪᠣᠳᠠᠰ ᠵᠡᠷᠭᠡ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ᠃   ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ    1. ᠴᠠᠭᠳᠠᠭ᠎ᠠ ᠳᠤ ᠮᠡᠳᠡᠭᠦᠯᠬᠦ ᠤᠲᠠᠰᠤ 110 ᠶᠢ ᠤᠲᠠᠰᠤᠳᠠᠨ᠎ᠠ᠃    2. ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠳᠤ ᠮᠡᠳᠡᠭᠦᠯᠬᠦ ᠤᠲᠠᠰᠤ ᠶᠢ ᠤᠲᠠᠰᠤᠳᠠᠨ᠎ᠠ    3. ᠪᠠᠯᠭᠠᠷᠭᠤᠣᠯ ᠭᠤᠣᠯ ᠤᠨ ᠲᠣᠮᠢᠯᠠᠭᠰᠠᠨ ᠰᠠᠯᠪᠤᠷᠢ᠄ 0479-3527110     ᠪᠠᠶᠠᠨᠬᠤᠸᠠ ᠨᠢᠭᠡᠳᠦᠭᠡᠷ ᠲᠣᠮᠢᠯᠠᠭᠰᠠᠨ ᠰᠠᠯᠪᠤᠷᠢ᠄ 15148604675     ᠪᠠᠶᠠᠨᠬᠤᠸᠠ ᠬᠤᠶᠠᠳᠤᠭᠠᠷ ᠲᠣᠮᠢᠯᠠᠭᠰᠠᠨ ᠰᠠᠯᠪᠤᠷᠢ᠄ 0476-2886110     ᠵᠢᠷ ᠤᠨ ᠭᠤᠣᠯ ᠲᠣᠮᠢᠯᠠᠭᠰᠠᠨ ᠰᠠᠯᠪᠤᠷᠢ᠄ 13614896355     ᠬᠤᠭᠤᠯᠠᠳᠤ ᠶᠢᠨ ᠭᠤᠣᠯ ᠤᠨ ᠲᠣᠮᠢᠯᠠᠭᠰᠠᠨ ᠰᠠᠯᠪᠤᠷᠢ᠄ 15247966110     ᠪᠠᠶᠠᠨᠬᠤᠰᠢᠭᠤ ᠲᠣᠮᠢᠯᠠᠭᠰᠠᠨ ᠰᠠᠯᠪᠤᠷᠢ᠄ 176147991148     ᠭᠤᠷᠤᠬᠠᠨ ᠲᠣᠮᠢᠯᠠᠭᠰᠠᠨ ᠰᠠᠯᠪᠤᠷᠢ᠄ 13947971148     ᠤᠯᠠᠭᠠᠨᠬᠠᠭᠠᠯᠭ᠎ᠠ ᠲᠣᠮᠢᠯᠠᠭᠰᠠᠨ ᠰᠠᠯᠪᠤᠷᠢ᠄ 17614799110     ᠭᠦᠷᠦᠭᠡᠰᠦᠳᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠄ 185048961103xwqfxjjb@163.com︶ ᠢᠮᠧᠯ ᠢᠶᠠᠷ ᠳᠠᠮᠵᠢᠭᠤᠯᠤᠨ ᠢᠯᠡᠴᠢᠯᠡᠨ ᠮᠡᠳᠡᠬᠦᠯᠵᠦ ᠪᠤᠯᠤᠨ᠎ᠠ᠃     ᠭᠤᠷᠪᠠ᠂ ᠱᠠᠩᠨᠠᠬᠤ ᠪᠠᠷᠢᠮᠵᠢᠶ᠎ᠠ᠄ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠬᠡᠷᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠪᠠᠶᠢᠴᠠᠭᠠᠨ ᠲᠣᠳᠣᠯᠠᠭᠠᠳ ᠦᠨᠡᠨ ᠪᠣᠳᠠᠲᠠᠢ ᠪᠠᠶᠢᠪᠠᠯ᠂ ᠲᠡᠭᠦᠨ ᠤ ᠦᠢᠯᠡᠳᠦᠯ ᠤᠨ ᠶᠡᠭᠡ ᠪᠠᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ 500 ︱ 5000 ᠲᠥᠭᠦᠷᠢᠭ ᠤᠨ ᠱᠠᠩᠨᠠᠯ ᠣᠯᠭᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠯᠡᠷᠡᠭᠦᠯᠦᠭᠰᠡᠨ ᠬᠦᠨᠳᠦ ᠶᠡᠭᠡ ᠬᠡᠷᠡᠭ ᠲᠤ ᠪᠤᠰᠤᠳ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠨᠡᠩ ᠥᠨᠳᠥᠷ ᠱᠠᠩᠨᠠᠯ ᠣᠯᠭᠤᠨ᠎ᠠ᠃     ᠳᠥᠷᠪᠡ᠂ ᠠᠩᠬᠠᠷᠬᠤ ᠵᠦᠢᠯ     1.ᠱᠠᠩᠨᠠᠬᠤ ᠡᠲᠡᠭᠡᠳ ᠨᠢ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠠᠬᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ᠂ ᠭᠠᠵᠢᠭᠤ ᠨᠣᠮᠯᠠᠯ ᠤᠨ ᠬᠥᠮᠥᠰ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠢᠯᠡᠴᠢᠯᠡᠨ ᠮᠡᠳᠡᠭᠦᠯᠦᠭᠴᠢ︾ ᠭᠡᠵᠦ ᠲᠣᠪᠴᠢᠯᠠᠨ᠎ᠠ︶᠃     2. ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠢ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠢᠯᠡᠴᠢᠯᠡᠨ ᠮᠡᠳᠡᠭᠦᠯᠬᠦ ᠳᠡᠭᠡᠨ ᠠᠷᠭ᠎ᠠ ᠮᠠᠶ᠋ᠢᠭ ᠪᠠ ᠲᠤᠰ ᠪᠡᠶ᠎ᠡ ᠶᠢᠨ ᠠᠮᠤᠷ ᠲᠦᠪᠰᠢᠨ ᠢᠶᠠᠨ ᠠᠩᠬᠠᠷᠴᠤ᠂ ᠮᠠᠲ᠋ᠧᠷᠢᠶᠠᠯ ᠪᠠ ᠭᠡᠷᠡᠴᠢ ᠪᠠᠷᠢᠮᠲᠠ ᠪᠠᠨ ᠰᠠᠶᠢᠲᠤᠷ ᠦᠯᠡᠳᠡᠭᠡᠨ ᠬᠠᠳᠠᠭᠠᠯᠠᠵᠤ᠂ ᠬᠡᠷᠡᠭ ᠤᠨ ᠲᠠᠷᠠᠭ᠎ᠠ ᠬᠢᠨᠠᠨ ᠬᠠᠷᠭᠤᠭᠤᠯᠵᠤ᠂ ᠱᠠᠩᠨᠠᠯ ᠬᠥᠬᠢᠭᠦᠯᠦᠯ ᠢ ᠣᠯᠭᠤᠬᠤ ᠳᠤ ᠲᠦᠬᠦᠮ ᠪᠣᠯᠭᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠱᠠᠩᠨᠠᠯ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠥᠪᠡᠷ ᠤᠨ ᠬᠦᠴᠦᠨ ᠪᠦᠬᠦᠢ ᠦᠨᠡᠮᠯᠡᠯ ᠢᠶᠠᠨ ᠦᠵᠡᠭᠦᠯᠬᠦ ᠪᠤᠶᠤ ᠪᠤᠰᠤᠳ ᠬᠥᠮᠥᠨ ᠳᠤ ᠨᠠᠶᠢᠳᠠᠵᠤ ᠠᠪᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠠᠪᠤᠭᠰᠠᠨ ᠦᠭᠡᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠪᠤᠳᠤᠨ᠎ᠠ᠃     3. ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠭᠦᠯᠦᠭᠰᠡᠨ ᠵᠢᠴᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠡᠷᠡᠭᠯᠡᠭᠰᠡᠨ ᠦᠭᠡᠢ ᠪᠠᠶᠢᠪᠠᠯ᠂ ᠱᠠᠩᠨᠠᠵᠤ ᠬᠥᠬᠢᠭᠦᠯᠬᠦ ᠦᠭᠡᠢ᠃ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠡᠳ ᠪᠡᠶ᠎ᠡ ᠶᠢᠨ ᠬᠢᠷᠢ ᠬᠡᠮ ᠢ ᠨᠢ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠪᠠᠯ᠂ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠬᠤ ᠦᠭᠡᠢ᠃    4. ᠢᠯᠡᠴᠢᠯᠡᠨ ᠮᠡᠳᠡᠭᠦᠯᠦᠭᠰᠡᠨ ᠰᠦᠪᠡᠭᠴᠢ ᠳᠤ ᠠᠩᠬ᠎ᠠ ᠤᠳᠠᠭ᠎ᠠ ᠱᠠᠩᠨᠠᠬᠤ ᠲᠣᠭᠲᠠᠴᠠ ᠶᠢ ᠬᠡᠷᠡᠭᠵᠢᠭᠦᠯᠵᠦ᠂ ᠣᠯᠠᠨ ᠬᠥᠮᠥᠨ ᠠᠳᠠᠯᠢ ᠨᠢᠭᠡ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠵᠥᠪᠬᠡᠨ ᠨᠢᠭᠡᠳᠦᠭᠡᠷ ᠢᠯᠡᠴᠢᠯᠡᠨ ᠮᠡᠳᠡᠭᠦᠯᠦᠭᠴᠢ ᠶᠢ ᠱᠠᠩᠨᠠᠵᠤ᠂ ᠢᠯᠡᠴᠢᠯᠡᠨ ᠮᠡᠳᠡᠭᠦᠯᠦᠭᠰᠡᠨ ᠲᠠᠰ ᠳᠠᠷᠠᠭᠠᠯᠠᠯ ᠢ ᠢᠯᠡᠴᠢᠯᠡᠨ ᠮᠡᠳᠡᠭᠦᠯᠦᠭᠰᠡᠨ ᠢ ᠳᠠᠩᠰᠠᠯᠠᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠠᠳᠠᠯᠢ ᠨᠢᠭᠡᠨ ᠰᠦᠪᠡᠭᠴᠢ ᠶᠢ ᠨᠡᠷ᠎ᠡ ᠬᠤᠯᠪᠣᠨ ᠢᠯᠡᠴᠢᠯᠡᠨ ᠮᠡᠳᠡᠭᠦᠯᠦᠭᠰᠡᠨ ᠪᠠᠶᠢᠪᠠᠯ᠂ ᠱᠠᠩᠨᠠᠯ ᠤᠨ ᠮᠥᠩᠭᠦ ᠶᠢ ᠢᠯᠡᠴᠢᠯᠡᠨ ᠮᠡᠳᠡᠭᠦᠯᠦᠭᠴᠢ ᠠᠴᠠ ᠵᠥᠪᠳᠡᠯᠴᠡᠵᠦ ᠪᠠᠶᠢᠭᠠᠳ ᠬᠤᠪᠢᠶᠠᠷᠢᠯᠠᠨ᠎ᠠ᠃ ᠠᠳᠠᠯᠢ ᠨᠢᠭᠡᠨ ᠢᠯᠡᠴᠢᠯᠡᠨ ᠮᠡᠳᠡᠭᠦᠯᠦᠭᠴᠢ ᠣᠯᠠᠨ ᠭᠠᠵᠠᠷ ᠣᠯᠠᠨ ᠰᠠᠯᠠᠭ᠎ᠠ ᠮᠥᠴᠢᠷ ᠲᠤ ᠠᠳᠠᠯᠢ ᠨᠢᠭᠡᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠳᠠᠪᠬᠤᠷᠳᠠᠭᠤᠯᠤᠨ ᠱᠠᠩᠨᠠᠬᠤ ᠦᠭᠡᠢ᠃    5. ᠮᠡᠳᠡᠭᠦᠯᠦᠯᠲᠡ ᠶᠢ ᠭᠥᠯᠢᠶᠡᠨ ᠠᠪᠤᠭᠰᠠᠨ ᠨᠢᠭᠡᠴᠡ ᠵᠢᠴᠢ ᠠᠵᠢᠯᠲᠠᠨ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃    6. ᠢᠯᠡᠴᠢᠯᠡᠨ ᠮᠡᠳᠡᠭᠦᠯᠦᠭᠴᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠦᠨᠡᠨ ᠮᠥᠨ ᠢᠶᠠᠷ ᠨᠢ ᠲᠤᠰᠬᠠᠬᠤ ᠴᠢᠬᠤᠯᠠᠲᠠᠢ᠂ ᠬᠡᠷᠪᠡ ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠢ ᠭᠦᠳᠬᠡᠨ ᠭᠦᠵᠢᠷᠯᠡᠬᠦ᠂ ᠢᠯᠡᠴᠢᠯᠡᠭᠳᠡᠭᠴᠢ ᠶᠢ ᠬᠢᠬᠠᠨ ᠮᠡᠬᠡᠯᠡᠬᠦ ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠬᠤ᠂ ᠬᠤᠳᠠᠯ ᠢᠶᠠᠷ ᠲᠦᠭᠰᠢᠭᠦᠷᠢ ᠮᠡᠳᠡᠭᠦᠯᠬᠦ ᠵᠡᠷᠭᠡ ᠦᠢᠯᠡ ᠠᠵᠢᠯᠯᠠᠭ᠎ᠠ ᠬᠢᠭᠰᠡᠨ ᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ       ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                         2024 ᠣᠨ ᠤ 3 ᠰᠠᠷ᠎ᠠ ᠶᠢᠨ 18 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号