ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/9
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ  ᠪᠠᠷ ᠲᠤᠤᠱᠯᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ  ᠡᠩᠨᠡᠭᠡ ᠶᠢᠨ ᠪᠠᠶᠢᠭᠤᠯᠤᠯᠲᠠ ᠶᠢ    ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠨᠠᠩ ᠰᠠᠶᠢᠨ  ᠪᠠᠳᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ 5 ᠰᠠᠷ᠎ᠠ ᠶᠢᠨ 7 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ ᠡᠷᠭᠢᠯᠡᠪᠡ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ ᠪᠣᠯᠪᠠᠰᠤᠷᠠᠯ ᠳᠤ ᠣᠷᠣᠯᠴᠠᠵᠠᠢ᠃     ᠪᠣᠯᠪᠠᠰᠤᠷᠠᠯ ᠳᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠪᠠ ᠰᠣᠶᠣᠯ ᠤᠨ ᠵᠢᠭᠠᠬᠤ ᠶᠢ ᠰᠤᠳᠤᠯᠬᠤ ᠬᠡᠯᠲᠡᠰ ᠤᠨ ᠡᠷᠬᠢᠯᠡᠭᠴᠢ᠂ ᠫᠷᠤᠹᠧᠰᠰᠤᠷ᠂ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠨ ᠡᠷᠳᠡᠨᠢᠪᠠᠶᠠᠷ᠂ ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠪᠠ ᠰᠤᠷᠤᠯᠴᠠᠯᠭ᠎ᠠ ᠶᠢᠨ ᠵᠥᠪᠯᠡᠯ ᠤᠨ ᠡᠷᠬᠢᠯᠡᠭᠴᠢ ᠯᠢᠨ ᠵᠠᠨ ᠵᠢᠶᠦ᠋ᠨ ᠨᠥᠬᠦᠷ ᠪᠣᠯᠣᠨ ᠰᠢᠯᠢ ᠶᠢᠨ ᠭᠤᠣᠯ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠷ ᠭᠡᠰᠢᠭᠦᠨ ᠢ ᠣᠨᠴᠠᠭᠠᠶᠢᠯᠠᠨ ᠤᠷᠢᠵᠤ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠨ ᠪᠠ ᠪᠠᠶᠢᠭᠤᠯᠭ᠎ᠠ ᠶᠢᠨ ᠺᠠᠳ᠋ᠷ ᠠᠵᠢᠯᠲᠠᠳ ᠲᠤ ᠲᠠᠶᠢᠯᠤᠮᠵᠢ ᠬᠢᠯᠭᠡᠵᠡᠢ᠃     ᠪᠣᠯᠪᠠᠰᠤᠷᠠᠯ ᠳᠤ᠂ ᠡᠷᠳᠡᠨᠢᠪᠠᠶᠠᠷ ᠪᠠᠭᠰᠢ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤᠳᠬᠠᠨ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠰᠡᠳᠦᠪ ᠢᠶᠠᠷ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ  ᠦᠢᠯᠡᠳᠦᠯᠭᠡᠵᠢᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠣᠶᠢᠯᠠᠭᠠᠮᠵᠢᠲᠠᠢ ᠬᠡᠯᠡ ᠬᠡᠯᠡᠯᠭᠡ ᠪᠠᠷ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ ᠯᠢᠨ ᠵᠠᠨ ᠵᠢᠶᠦ᠋ᠨ ᠨᠥᠬᠦᠷ ︽ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠤᠬᠠᠢ ᠮᠡᠳᠡᠭᠡ ᠵᠠᠩᠭᠢ ᠪᠠ ᠰᠠᠨᠠᠯ ᠳᠤᠷᠠᠳᠤᠯᠭ᠎ᠠ ᠶᠢ ᠬᠡᠷᠬᠢᠨ ᠰᠠᠶᠢᠲᠤᠷ ᠪᠢᠴᠢᠬᠦ︾ ᠭᠡᠬᠦ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃ ᠵᠢᠯᠣᠭᠤᠳᠤᠯᠭ᠎ᠠ ᠶᠢᠨ ᠠᠭᠤᠯᠭ᠎ᠠ ᠨᠢ ᠪᠠᠶᠠᠯᠢᠭ ᠮᠥᠷᠲᠡᠭᠡᠨ ᠨᠠᠷᠢᠨ ᠪᠣᠳᠠᠲᠠᠢ᠂ ᠣᠶᠢᠯᠠᠭᠠᠮᠵᠢᠲᠠᠢ ᠪᠠᠶᠢᠵᠤ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠯ᠎ᠠ᠃    ᠪᠣᠯᠪᠠᠰᠤᠷᠠᠯ ᠠᠴᠠ ᠵᠢᠭᠠᠵᠤ ᠭᠠᠷᠭᠠᠭᠰᠠᠨ ᠨᠢ᠄    ᠪᠥᠬᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠠᠶᠢᠭᠤᠯᠭ᠎ᠠ ᠶᠢᠨ ᠺᠠᠳ᠋ᠷ ᠠᠵᠢᠯᠲᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠤᠯᠤᠰ ᠤᠨ ᠢᠶᠠᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠡᠰᠢᠭᠦᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠂ ᠡᠯ᠎ᠡ ᠲᠠᠯ᠎ᠠ ᠶᠢᠨ ᠬᠢᠨ ᠤ ᠳᠠᠪᠠᠭᠤᠯᠢᠭ ᠦᠢᠯᠡᠳᠦᠯ ᠢ ᠲᠤᠪᠤᠶᠢᠯᠭᠠᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠤᠬᠠᠢ ᠮᠡᠳᠡᠭᠡ ᠵᠠᠩᠭᠢ ᠶᠢ ᠭᠦᠢᠴᠡᠳ ᠠᠰᠢᠭᠯᠠᠨ ᠠᠷᠠᠳ ᠤᠨ ᠲᠥᠯᠥᠭᠡ ᠦᠭᠡ ᠬᠡᠯᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠡᠰᠢᠭᠦᠳ ᠤᠨ ᠠᠮᠠᠯᠠᠯᠲᠠ ᠪᠠᠨ ᠪᠡᠶᠡᠯᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ︽ᠵᠢᠷᠭᠤᠭᠠᠨ ᠨᠢᠭᠡ︾ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠭᠦᠷᠭᠡ ᠪᠠᠨ ᠰᠠᠶᠢᠲᠤᠷ ᠪᠡᠶᠡᠯᠡᠭᠦᠯᠵᠦ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠬᠦᠴᠦᠯᠡᠬᠦ ᠴᠡᠭ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠣᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠳᠡᠮᠵᠢᠬᠦ ᠠᠵᠢᠯ ᠤᠨ ᠳᠤᠮᠳᠠ ᠭᠡᠰᠢᠭᠦᠳ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠬᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号