ᠪᠠᠷᠠᠭᠤᠨ ᠦᠵᠦᠮᠦᠴᠢᠨ ᠬᠤᠰᠢᠭᠤ ᠲᠠᠪᠤᠳᠤᠭᠠᠷ ᠬᠤᠭᠤᠴᠠᠭᠠᠨ ᠤ ︽ᠯᠢᠦᠢ ᠬᠠᠢ ᠴᠢᠩ ᠴᠢᠤᠸᠠᠨ︾ ᠬᠤᠨᠳᠠᠭᠠᠲᠤ ᠪᠥᠬᠦ ᠠᠶᠢᠮᠠᠭ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 8᠎ ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ︽ᠲᠦᠯᠦ︾ ᠬᠥᠯ ᠪᠥᠮᠪᠦᠭᠡ ᠶᠢᠨ ᠺᠯᠦ᠋ᠪ ᠳᠠᠭᠠᠭᠠᠴᠢᠯᠠᠨ ᠡᠷᠬᠢᠯᠡᠭᠰᠡᠨ᠂ ᠥᠪᠥᠷ ᠮᠣᠩᠭᠤᠯ ᠤᠨ  ᠯᠢᠦᠢ ᠬᠠᠢ ᠴᠢᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠪᠦᠯᠦᠭᠯᠡᠯ ᠺᠣᠮᠫᠠᠨᠢ ᠠᠴᠠ ᠢᠪᠡᠭᠡᠨ ᠲᠡᠳᠭᠦᠭᠰᠡᠨ 2024 ᠪᠠᠷᠠᠭᠤᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ︽ᠯᠢᠦᠢ ᠬᠠᠢ ᠴᠢᠩ ᠴᠢᠤᠸᠠᠨ︾ ᠬᠤᠨᠳᠠᠭᠠᠲᠤ ᠪᠥᠬᠦ ᠠᠶᠢᠮᠠᠭ ᠤᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ  ᠭᠦᠭᠵᠢᠶᠡᠨᠲᠠᠢ ᠡᠬᠢᠯᠡᠪᠡ᠃
        ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠠᠴᠠ ᠢᠷᠡᠭᠰᠡᠨ 24 ᠲᠥᠯᠥᠭᠡᠯᠡᠭᠴᠢᠳ ᠤᠨ ᠠᠩᠭᠢ ᠶᠢᠨ 360 ᠭᠠᠷᠤᠢ ᠲᠠᠮᠢᠷᠴᠢᠳ ᠤᠷᠤᠯᠴᠠᠨ᠂  ᠡᠭᠦᠨ ᠳᠤ ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤᠨ ᠤ ᠲᠥᠯᠥᠭᠡᠯᠡᠭᠴᠢᠳ ᠤᠨ ᠪᠠᠭ ᠪᠠ ᠠᠩᠬ᠎ᠠ ᠤᠳᠠᠭ᠎ᠠ ᠤᠷᠤᠯᠳᠤᠭᠠᠨ ᠳᠤ  ᠤᠷᠤᠯᠴᠠᠵᠤ ᠪᠠᠶᠢᠭ᠎ᠠ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠢ ᠶᠢᠨ ᠬᠥᠯ ᠪᠥᠮᠪᠦᠭᠡ ᠶᠢᠨ ᠪᠠᠭ  ᠎ ᠢ ᠬᠠᠮᠤᠷᠴᠤ ᠪᠤᠢ᠃
    ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠵᠦ᠂ ᠡᠮᠬᠢ ᠴᠡᠭᠴᠡ ᠲᠠᠢ ᠲᠡᠰ ᠲᠠᠷᠠᠭ᠎ᠠ ᠲᠠᠢ᠂ ᠵᠤᠬᠢᠶᠠᠨ ᠪᠠᠶᠢᠭᠤᠯᠤᠯᠲᠠ ᠲᠠᠢ ᠰᠠᠶᠢᠬᠠᠨ ᠶᠠᠪᠤᠭᠳᠠᠨ᠂ ᠤᠷᠤᠯᠳᠤᠭᠠᠨ ᠳᠤ  ᠭᠠᠪᠰᠢᠭᠠᠶᠢᠯᠠᠵᠤ  ᠪᠠᠶᠢᠭ᠎ᠠ ᠬᠤᠶᠠᠷ  ᠪᠠᠭ ᠤᠨ ᠬᠢᠨ ᠰᠢᠷᠦᠭᠦᠨ  ᠦᠷᠢᠰᠦᠳᠦᠯᠵᠦ᠂ ᠲᠠᠮᠢᠷᠴᠢᠳ ᠪᠦᠯᠬᠦᠮᠳᠡᠨ ᠨᠢᠭᠳᠠᠷᠠᠵᠤ᠂ ᠡᠷᠡᠯᠬᠡᠭᠯᠡᠨ ᠲᠡᠮᠡᠴᠡᠵᠦ᠂ ᠬᠠᠷᠢᠯᠴᠠᠨ  ᠬᠠᠮᠵᠢᠯᠴᠠᠨ᠂ ᠪᠥᠮᠪᠦᠭᠡ ᠳᠠᠮᠵᠢᠭᠤᠯᠬᠤ ᠵᠡᠷᠭᠡ ᠦᠢᠯᠡ ᠬᠦᠳᠡᠯᠦᠯ ᠨᠢ ᠠᠬᠤᠢ ᠲᠠᠯᠠᠪᠠᠢ ᠶᠢᠨ ᠦᠵᠡᠭᠴᠢᠳ ᠤᠨ ᠰᠡᠳᠬᠢᠯ ᠢ  ᠴᠢᠪᠬᠠᠳᠠᠵᠤ᠂ ᠤᠤᠬᠠᠢ ᠬᠠᠰᠬᠢᠷᠤᠯᠲᠠ ᠲᠤᠮᠳᠠ ᠤᠷᠤᠯᠳᠤᠭᠠᠨ‌ᠨᠢ ᠤᠯᠠᠮ ᠬᠤᠷᠴᠠ ᠰᠢᠷᠦᠬᠦᠨ ᠶᠠᠪᠤᠭᠳᠠᠵᠤ ᠪᠠᠶᠢᠯ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠲᠤᠨ  ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号