︽ᠲᠠᠪᠤᠨ ᠶᠡᠭᠡ ᠡᠭᠦᠷᠭᠡ︾᠎ ᠶᠢ ᠠᠬᠢᠭᠤᠯᠵᠤ ᠠᠮᠵᠢᠯᠲᠠ ᠪᠦᠲᠦᠮᠵᠢ ᠭᠠᠷᠭᠠᠨ᠎ᠠ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠄ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠣ
ᠨᠡᠶᠢᠲᠡᠯᠡᠭᠰᠡᠨ ᠴᠠᠭ᠄
2024/6/11
      ᠣᠶᠢᠷ᠎ᠠ ᠶᠢᠨ ᠵᠢᠯ ᠠᠴᠠ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︽ᠲᠠᠪᠤᠨ ᠶᠡᠭᠡ ᠡᠭᠦᠷᠭᠡ︾᠎ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠡᠷᠡᠭᠦᠯᠵᠤ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ︽ᠶᠢᠰᠦ ᠶᠢ ᠨᠠᠪᠲᠠᠷᠡᠭᠦᠯᠵᠦ ᠨᠢᠭᠡ ᠶᠢ ᠲᠡᠭᠰᠢ ᠪᠠᠶᠢᠯᠭᠠᠬᠤ︾ ︵ᠣᠨᠣᠯᠵᠢᠬᠤᠨ ᠢ ᠨᠡᠪᠲᠡᠷᠡᠭᠦᠯᠬᠦ᠂ ᠰᠠᠭᠤᠷᠢ ᠶᠢ ᠨᠡᠪᠲᠡᠷᠡᠭᠦᠯᠬᠦ᠂ ᠲᠥᠷᠥ ᠶᠢᠨ ᠪᠣᠳᠣᠯᠭ᠎ᠠ ᠶᠢ ᠨᠡᠪᠲᠡᠷᠡᠭᠦᠯᠬᠦ᠂ ᠮᠡᠳᠡᠭᠡ ᠵᠠᠩᠭᠢ ᠶᠢ ᠨᠡᠪᠲᠡᠷᠡᠭᠦᠯᠬᠦ᠂ ᠢᠵᠢ ᠪᠦᠷᠢᠳᠦᠭᠦᠯᠬᠦ ᠶᠢ ᠨᠡᠪᠲᠡᠷᠡᠭᠦᠯᠬᠦ᠂ ᠵᠠᠬ᠎ᠠ ᠳᠡᠯᠭᠡᠭᠦᠷ ᠢ ᠨᠡᠪᠲᠡᠷᠡᠭᠦᠯᠬᠦ᠂ ᠬᠥᠮᠥᠨ ᠤ ᠰᠤᠳᠠᠰᠤ ᠶᠢ ᠨᠡᠪᠲᠡᠷᠡᠭᠦᠯᠬᠦ᠂ ᠪᠡᠯᠡ ᠲᠣᠬᠢᠷᠠᠭᠤᠯᠭ᠎ᠠ ᠶᠢ ᠨᠡᠪᠲᠡᠷᠡᠭᠦᠯᠬᠦ᠂ ᠡᠵᠡᠩᠨᠡᠯᠲᠡ ᠶᠢ ᠨᠡᠪᠲᠡᠷᠡᠭᠦᠯᠬᠦ ᠪᠠ ᠬᠦᠷᠢᠶᠡᠯᠡᠩ ᠲᠣᠭᠤᠷᠢᠭ ᠢ ᠲᠡᠩᠴᠡᠭᠦᠷᠢᠲᠡᠢ ᠬᠥᠭᠵᠢᠭᠦᠯᠬᠦ︶᠎ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠡᠮᠬᠢ ᠵᠢᠷᠤᠮ ᠲᠠᠢ ᠪᠠᠷ  ᠠᠬᠢᠭᠤᠯᠵᠣ ᠪᠣᠢ᠃      ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠳᠠᠭᠠᠭᠠᠴᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠭᠦᠢᠴᠡᠳ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ 2024 ᠣᠨ ᠳᠤ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ᠂ ᠠᠶᠤᠯᠲᠠᠢ ᠬᠢᠮᠢ ᠶᠢᠨ ᠡᠳ᠋ ᠤᠨ ᠲᠡᠷᠭᠡ ᠬᠥᠰᠬᠡ ᠶᠢᠨ ᠲᠤᠰᠬᠠᠢ ᠲᠡᠷᠭᠡᠨ ᠵᠣᠭᠰᠣᠭᠠᠯ᠂ ᠨᠡᠭᠡᠭᠡᠯᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠤᠷ ᠢ ᠪᠢᠲᠡᠭᠦᠮᠵᠢᠯᠡᠨ ᠵᠠᠰᠠᠬᠤ ᠢᠨᠵᠧᠨᠧᠷᠢᠩ ᠵᠢᠴᠢ ᠰᠢᠨ᠎ᠡ ᠪᠠᠷ ᠪᠠᠶᠢᠭᠤᠯᠬᠤ ᠵᠠᠮ ᠤᠨ ᠢᠨᠵᠧᠨᠧᠷᠢᠩ᠂ ᠪᠠᠶᠠᠨᠬᠤᠸᠠ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠶᠢ ᠢᠳᠡᠪᠬᠢᠲᠡᠢ  ᠬᠡᠷᠡᠭᠵᠢᠭᠦᠯᠵᠣ ᠪᠣᠢ᠃      ᠴᠠᠭ ᠮᠥᠴᠡ ᠶᠢ ᠵᠠᠪᠳᠤᠵᠤ᠂ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠵᠢᠷᠤᠭ ᠢ ᠠᠯᠢ ᠲᠦᠷᠭᠡᠨ ᠢᠶᠠᠷ  ᠪᠣᠳᠠᠲᠠᠶᠢᠵᠢᠭᠤᠯᠵᠣ ᠪᠣᠢ᠃ ᠣᠶᠢᠷ᠎ᠠ ᠳᠤ᠂ ᠰᠤᠷᠪᠤᠯᠵᠢᠯᠠᠭᠴᠢ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠦᠷᠬᠦ ᠳᠤ᠂ ᠣᠳᠬᠤᠭᠤᠷ ᠮᠠᠰᠢᠨ ᠶᠠᠭ ᠶᠠᠭᠠᠷᠠᠯᠲᠠᠢ ᠠᠵᠢᠯᠯᠠᠵᠤ ᠪᠠᠶᠢᠯ᠎ᠠ᠃ ᠲᠤᠰ ᠲᠦᠷᠦᠯ ᠵᠦᠢᠯ ᠨᠢ ᠪᠠᠶᠠᠨᠬᠤᠸᠠ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 3686.82 ᠲᠦᠮᠡᠨ ᠲᠥᠭᠦᠷᠢᠭ ᠲᠤ ᠬᠦᠷᠴᠦ᠂ 11175 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 5535 ᠲᠡᠭᠰᠢ ᠳᠥᠷᠪᠡᠯᠵᠢᠨ ᠮᠧᠲᠷ ᠪᠠᠶᠢᠵᠤ᠂ ᠴᠠᠬᠢᠯᠭᠠᠨ ᠬᠠᠩᠭᠠᠬᠤ ᠴᠠᠬᠢᠯᠭᠠᠨ ᠲᠦᠭᠡᠭᠡᠬᠦ᠂ ᠤᠰᠤ ᠬᠠᠩᠭᠠᠬᠤ ᠤᠰᠤ ᠵᠠᠯᠠᠬᠤ᠂ ᠳᠤᠯᠠᠭᠠᠯᠠᠭ᠎ᠠ ᠨᠡᠪᠲᠡᠷᠡᠭᠦᠯᠬᠦ ᠵᠡᠷᠭᠡ ᠲᠤᠰᠠᠯᠠᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ  ᠪᠠᠶᠢᠭᠤᠯᠬᠤ ᠪᠠᠷ ᠪᠣᠢ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠠᠶᠠᠨᠬᠤᠸᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠬᠦ᠋ᠢᠯᠡ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠶᠠᠨᠬᠤᠸᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠲᠣᠭᠤᠷᠢᠭ ᠤᠨ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯ ᠦᠭᠡᠢ ᠦᠢᠯᠡᠳᠪᠦᠷᠢᠯᠡᠯ᠂ ᠭᠠᠯ ᠤᠨ ᠠᠶᠤᠯ ᠵᠡᠷᠭᠡ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠲᠣᠭᠤᠷᠢᠭ ᠤᠨ ᠳᠣᠲᠣᠷᠠᠬᠢ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠨᠢ ᠠᠵᠤ ᠦᠢᠯᠡᠳᠪᠦᠷᠢ ᠶᠢᠨ ᠣᠷᠣᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠬᠦ᠂ ᠡᠷᠴᠢᠮᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠲᠣᠭᠤᠷᠢᠭ ᠤᠨ ᠠᠵᠤ ᠦᠢᠯᠡᠰ ᠢ ᠳᠠᠭᠠᠭᠠᠬᠤ ᠪᠠ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠭᠠᠳᠠᠨ᠎ᠠ  ᠪᠠᠰᠠ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠶᠤᠯᠲᠠᠢ ᠬᠢᠮᠢ ᠶᠢᠨ ᠡᠳ᠋ ᠤᠨ ᠲᠡᠷᠭᠡ ᠬᠥᠰᠬᠡ ᠶᠢᠨ ᠲᠤᠰᠬᠠᠢ ᠲᠡᠷᠭᠡᠨ ᠵᠣᠭᠰᠣᠭᠠᠯ᠂ ᠨᠡᠭᠡᠭᠡᠯᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠤᠷ ᠢ ᠪᠢᠲᠡᠭᠦᠮᠵᠢᠯᠡᠨ ᠵᠠᠰᠠᠬᠤ ᠢᠨᠵᠧᠨᠧᠷᠢᠩ  ᠎ ᠢ ᠪᠥᠲᠦᠭᠡᠨ ᠪᠠᠶᠢᠭᠤᠯᠵᠣ ᠪᠣᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠶᠤᠯᠲᠠᠢ ᠬᠢᠮᠢ ᠶᠢᠨ ᠡᠳ᠋ ᠤᠨ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠷᠭᠡᠨ ᠵᠣᠭᠰᠣᠭᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠷᠣ ᠲᠥᠯᠥᠪ ᠤᠨ ᠪᠦᠲᠦᠴᠡ ᠶᠢᠨ ᠭᠤᠣᠯ ᠴᠣᠭᠴᠠᠲᠤ ᠨᠢᠭᠡ ᠪᠠᠷᠢᠯᠭ᠎ᠠ ᠂ ᠭᠠᠵᠠᠷ ᠳᠣᠣᠷᠠᠬᠢ᠂ ᠭᠠᠵᠠᠷ ᠳᠡᠭᠡᠷᠡᠬᠢ ᠲᠣᠰ ᠪᠦᠷᠢ ᠨᠢᠭᠡ ᠳᠠᠪᠬᠤᠷᠭ᠎ᠠ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 1139.00 ᠲᠡᠭᠰᠢ ᠳᠥᠷᠪᠡᠯᠵᠢᠨ ᠮᠧᠲᠷ︔ ᠲᠠᠯᠠᠪᠠᠶ ᠶᠢᠨ ᠬᠠᠲᠠᠭᠤᠷᠠᠯ ᠵᠢᠴᠢ ᠵᠠᠮ ᠤᠨ ᠲᠠᠯᠠᠪᠠᠶ ᠨᠢ 6708.27 ᠲᠡᠭᠰᠢ ᠳᠥᠷᠪᠡᠯᠵᠢᠨ ᠮᠧᠲᠷ︔ ᠲᠡᠷᠭᠡ ᠵᠣᠭᠰᠣᠬᠤ ᠭᠠᠵᠠᠷ ᠤᠨ ᠡᠵᠡᠯᠡᠬᠦ ᠲᠠᠯᠠᠪᠠᠶ ᠨᠢ 4100.51 ᠲᠡᠭᠰᠢ ᠳᠥᠷᠪᠡᠯᠵᠢᠨ ᠮᠧᠲᠷ︔  ᠨᠣᠭᠤᠭᠠᠷᠠᠭᠤᠯᠤᠯᠲᠠ ᠶᠢᠨ ᠲᠠᠯᠠᠪᠠᠶ ᠨᠢ 1079.42 ᠲᠡᠭᠰᠢ ᠳᠥᠷᠪᠡᠯᠵᠢᠨ ᠮᠧᠲᠷ᠃ ᠡᠭᠦᠨ ᠤ ᠬᠠᠮᠲᠤ ᠪᠤᠰᠤᠳ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠦᠢᠯᠡᠴᠢᠯᠡᠭᠡᠨ ᠤ ᠪᠡᠯᠡᠳᠬᠡᠮᠵᠢ ᠵᠢᠴᠢ ᠴᠠᠬᠢᠯᠭᠠᠨ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠭᠠᠯ ᠤᠨᠲᠠᠷᠠᠭᠠᠬᠤ ᠵᠡᠷᠭᠡ ᠳᠠᠭᠠᠯᠲᠠ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢᠨ ᠬᠠᠮᠲᠤ᠂ ᠭᠠᠯ ᠤᠨᠲᠠᠷᠠᠭᠠᠬᠤ ᠤᠰᠤᠨ ᠲᠠᠲᠠᠭᠠᠯ᠂ ᠡᠬᠢᠨ ᠤ ᠬᠤᠭᠤᠴᠠᠭᠠᠨ ᠤ ᠪᠣᠷᠣᠭᠠᠨ ᠤ ᠤᠰᠤᠨ ᠲᠠᠲᠠᠭᠠᠯ᠂ ᠠᠳᠡᠯ ᠤᠨ ᠲᠠᠲᠠᠭᠠᠯ᠂ ᠰᠢᠲᠠᠮᠠᠬᠠᠢ ᠬᠤᠣᠷᠲᠤ ᠬᠡᠢ ᠪᠡᠶᠡᠲᠦ ᠶᠢᠨ ᠬᠠᠶᠢᠭᠤᠷ᠂ ᠲᠡᠷᠭᠡᠨ ᠵᠣᠭᠰᠣᠭᠠᠯ ᠤᠨ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠰᠢᠰᠲ᠋ᠧᠮ᠂ ᠲᠡᠷᠭᠡᠨ ᠵᠣᠭᠰᠣᠭᠠᠯ ᠤᠨ ᠲᠡᠷᠭᠡ ᠬᠥᠰᠬᠡ ᠶᠢ ᠬᠥᠲᠥᠯᠥᠨ ᠵᠢᠯᠤᠭᠤᠳᠬᠤ ᠰᠢᠰᠲ᠋ᠧᠮ᠂ ᠲᠡᠷᠭᠡᠨ ᠵᠣᠭᠰᠣᠭᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠰᠢᠰᠲ᠋ᠧᠮ ᠵᠢᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠲᠤᠰᠬᠠᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠣᠬᠢᠷᠠᠭᠤᠯᠬᠤ  ᠎ ᠪᠠᠷ ᠪᠠᠶᠢᠨ᠎ᠠ᠃      ᠨᠡᠭᠡᠭᠡᠯᠲᠡ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ ᠶᠢ ᠪᠢᠲᠡᠭᠦᠮᠵᠢᠯᠡᠨ ᠵᠠᠰᠠᠬᠤ ᠢᠨᠵᠧᠨᠧᠷᠢᠩ ᠨᠢ ᠪᠠᠶᠠᠨᠬᠤᠸᠠ ᠪᠠᠯᠭᠠᠰᠣᠨ ᠤ ᠪᠠᠷᠠᠭᠤᠨ ᠡᠮᠦᠨ᠎ᠡ 3 ᠺᠢᠯᠣᠮᠧᠲᠷ ᠤᠨ ᠭᠠᠵᠠᠷ ᠲᠤ ᠪᠠᠶᠢᠷᠢᠯᠠᠵᠣ᠂ ᠭᠠᠵᠠᠷ ᠤᠨ ᠪᠠᠶᠢᠴᠠ ᠳᠣᠣᠷ᠎ᠠ ᠬᠤᠲᠣᠭᠤᠷ ᠠᠭᠤᠯᠠᠨ ᠬᠥᠨᠳᠡᠢ ᠳᠤ ᠪᠠᠶᠢᠷᠢᠰᠢᠵᠤ᠂ ᠳᠣᠲᠣᠭᠠᠳᠤ ᠬᠠᠳᠠᠭᠠᠯᠠᠮᠵᠢ ᠶᠢᠨ ᠬᠤᠭ ᠨᠣᠪᠰᠢ ᠪᠠᠷᠤᠭ 16.38 ᠲᠦᠮᠡᠨ ᠲᠣᠨ᠂ ᠪᠢᠲᠡᠭᠦᠮᠵᠢᠯᠡᠭᠰᠡᠨ ᠲᠠᠯᠠᠪᠠᠶ ᠨᠢ 23500 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠣᠪᠣᠭᠠᠯᠠᠨ ᠬᠡᠯᠪᠡᠷᠢᠵᠢᠭᠦᠯᠬᠦ ᠢᠨᠵᠧᠨᠧᠷᠢᠩ᠂ ᠪᠢᠲᠡᠭᠦᠮᠵᠢᠯᠡᠭᠰᠡᠨ ᠲᠠᠯᠠᠪᠠᠶ ᠶᠢᠨ ᠪᠦᠷᠬᠦᠬᠦ ᠢᠨᠵᠧᠨᠧᠷᠢᠩ᠂ ᠦᠶᠡᠷ ᠢ ᠰᠡᠷᠭᠡᠶᠢᠯᠡᠬᠦ ᠪᠠ ᠭᠠᠵᠠᠷ ᠤᠨ ᠭᠠᠳᠠᠷᠭᠤ ᠶᠢᠨ ᠤᠷᠤᠰᠬᠠᠯ ᠢ ᠵᠠᠯᠠᠵᠤ ᠵᠠᠯᠠᠬᠤ ᠢᠨᠵᠧᠨᠧᠷᠢᠩ᠂ ᠦᠵᠡᠮᠵᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠪᠢᠲᠡᠭᠦᠮᠵᠢᠯᠡᠭᠰᠡᠨ ᠲᠠᠯᠠᠪᠠᠶ ᠶᠢᠨ ᠳᠠᠷᠠᠭᠠᠬᠢ ᠬᠢᠨᠠᠨ ᠬᠡᠮᠵᠢᠬᠦ ᠵᠢᠴᠢ ᠬᠠᠮᠠᠭᠠᠯᠠᠬᠤ ᠵᠡᠷᠭᠡ ᠪᠠᠭᠲᠠᠨ᠎ᠠ᠃     ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ     ᠥᠭᠡᠳᠡᠯᠡᠬᠦ᠄ ︽ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠢᠯᠠᠩᠭᠤᠶ᠎ᠠ ᠡᠨᠡ ᠬᠦ ᠳᠠᠷᠠᠭᠠᠴᠢ ᠶᠢᠨ ᠠᠯᠬᠤᠮ ᠤᠨ ᠠᠵᠤ ᠦᠢᠯᠡᠰ ᠤᠨ ᠤᠷᠲᠤᠳᠬᠠᠯ ᠤᠨ ᠲᠥᠷᠥᠯ ᠵᠦᠢᠯ ᠳᠤ ᠰᠠᠭᠤᠷᠢ ᠲᠥᠬᠦᠭᠡᠷᠦᠮᠵᠢ  ᠶᠢ ᠬᠠᠩᠭᠠᠵᠤ᠂ ᠡᠨᠡᠬᠦ ᠢᠵᠢ ᠪᠦᠷᠢᠳᠦᠭᠦᠯᠬᠦ ᠪᠠᠲᠤᠯᠠᠭ᠎ᠠ  ᠎ ᠶᠢᠨ ᠳᠣᠲᠠᠭᠳᠠᠯ ᠢ ᠨᠥᠬᠦᠪᠦᠷᠢᠯᠡᠬᠦ  ᠵᠣᠷᠢᠯᠭ᠎ᠠ ᠠᠴᠠ᠂ 2024 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ 5600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠨ ᠤ ᠪᠠᠶᠠᠨᠬᠤᠸᠠ ᠨᠡᠭᠡᠭᠡᠯᠲᠡ ᠶᠢᠨ ᠲᠣᠭᠤᠷᠢᠭ ᠤᠨ ᠭᠤᠷᠪᠠᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠭᠦᠯᠬᠦ ᠠᠵᠢᠯ ᠢ  ᠡᠬᠢᠯᠡᠭᠦᠯᠦᠨ᠂ ᠨᠢᠭᠡ ᠨᠢ ᠪᠣᠯᠬᠤᠷ᠂ ᠨᠡᠭᠡᠭᠡᠯᠲᠡ ᠶᠢᠨ ᠲᠣᠭᠤᠷᠢᠭ ᠤᠨ ᠡᠨᠡ ᠬᠦ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠪᠣᠯᠣᠨ᠎ᠠ᠂ ᠨᠦᠭᠦᠭᠡ ᠨᠢ ᠮᠠᠨ ᠤ ᠨᠡᠭᠡᠭᠡᠯᠲᠡ ᠶᠢᠨ ᠲᠣᠭᠤᠷᠢᠭ ᠤᠨ ᠣᠶᠤᠨᠴᠢᠯᠠᠭᠰᠠᠨ᠂ ᠲᠤᠰᠬᠠᠶᠢᠵᠢᠭᠰᠠᠨ ᠲᠡᠷᠭᠡᠨ ᠵᠣᠭᠰᠣᠭᠠᠯ ᠪᠣᠯᠣᠨ᠎ᠠ᠃ ᠲᠠᠷᠠᠭ᠎ᠠ ᠳᠤᠨᠢ ᠭᠤᠷᠪᠠᠳᠤᠭᠠᠷ ᠵᠦᠢᠯ ᠨᠢ ᠮᠥᠨ ᠴᠦ  ᠨᠡᠭᠡᠭᠡᠯᠲᠡ ᠶᠢᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠲᠥᠯᠥᠭᠡ ᠪᠠᠶᠢᠵᠤ᠂ ᠮᠠᠨ ᠤ ᠤᠳᠤ ᠶᠢᠨ ᠪᠠᠶᠢᠭ᠎ᠠ ᠡᠨᠡ ᠬᠦ ᠨᠢᠭᠡᠨᠲᠡ ᠬᠤᠭᠤᠴᠠᠭ᠎ᠠ ᠲᠤᠯᠤᠭᠰᠠᠨ ᠬᠤᠭ ᠨᠣᠪᠰᠢ ᠪᠤᠯᠠᠬᠤ ᠭᠠᠵᠠᠷ ᠢ  ᠪᠢᠲᠡᠭᠦᠮᠵᠢᠯᠡᠬᠦ ᠪᠠᠷ ᠪᠣᠢ᠃ ᠳᠡᠭᠡᠷᠡᠬᠢ ᠭᠤᠷᠪᠠᠨ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠣᠷᠣᠭᠤᠯᠤᠯᠲᠠ ᠨᠢ ᠪᠠᠷᠤᠭ 5600 ᠲᠦᠮᠡᠨ ᠲᠥᠭᠦᠷᠢᠭ ᠲᠤ ᠬᠦᠷᠴᠦ᠂ ᠡᠨᠡ ᠵᠢᠯ ᠤᠨ ᠳᠥᠷᠪᠡᠳᠦᠭᠡᠷ ᠰᠠᠷ᠎ᠠ ᠶᠢᠨ ᠳᠤᠮᠳᠠᠴᠢ ᠪᠠᠷ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠠᠢ᠃ ᠣᠳᠣᠬᠠᠨ ᠳᠤ ᠶᠠᠭ ᠡᠮᠬᠢ ᠴᠢᠭᠴᠡ ᠲᠠᠢ ᠪᠠᠷ ᠶᠠᠪᠣᠭᠳᠠᠵᠣ᠂ 8 ᠰᠠᠷ᠎ᠠ ᠶᠢᠨ ᠰᠡᠭᠦᠯᠴᠢ 9 ᠰᠠᠷ᠎ᠠ ᠶᠢᠨ ᠡᠬᠢ ᠪᠠᠷ ᠡᠨᠡ ᠬᠦ ᠠᠵᠢᠯ ᠢ ᠳᠠᠭᠤᠰᠬᠠᠵᠤ᠂ ᠡᠨᠡ ᠬᠦ ᠠᠵᠢᠯ ᠢ ᠠᠰᠢᠭᠯᠠᠯᠲᠠ ᠳᠤ ᠣᠷᠣᠭᠤᠯᠬᠤ ᠪᠣᠯᠣᠨ᠎ᠠ᠃ ᠪᠢᠳᠡ ᠳᠠᠷᠠᠭ᠎ᠠ ᠠᠯᠬᠤᠮ ᠳᠤ᠂ ᠳᠡᠭᠡᠳᠦ ᠱᠠᠲᠤᠨ ᠤ ᠪᠠ ᠮᠠᠨ ᠤ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠪᠠᠷ᠂ ᠡᠨᠡ ᠬᠦ ᠨᠠᠷᠢᠯᠢᠭᠵᠢᠭᠤᠯᠬᠤ᠂ ᠴᠢᠨᠠᠭᠰᠢᠯᠠᠨ ᠳᠡᠭᠡᠳᠦ ᠳᠡᠰ ᠤᠨ ᠪᠠ ᠣᠳᠣᠬᠢᠴᠢᠯᠠᠯᠲᠠ ᠶᠢᠨ ᠲᠥᠰᠥᠯ ᠢ  ᠨᠠᠶᠢᠳᠠᠪᠣᠷᠢᠵᠢᠭᠤᠯᠬᠤ ᠵᠣᠷᠢᠯᠭ᠎ᠠ ᠠᠴᠠ᠂ ᠲᠣᠰ ᠬᠤᠶᠠᠷ ᠲᠥᠰᠥᠯ ᠢ ᠦᠷᠭᠦᠯᠵᠢᠯᠡᠨ ᠲᠡᠭᠦᠯᠳᠡᠷᠵᠢᠭᠦᠯᠬᠦ ᠎ ᠪᠠᠷ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号