| ᠳᠤᠮᠳᠠᠳᠤ ᠶᠢᠨ ᠦᠨᠳᠦᠰᠦᠲᠡᠨ ᠤ ︽ᠨᠠᠰᠤᠲᠠᠨ ᠢᠶᠠᠨ ᠬᠦᠨᠳᠦᠯᠡᠨ᠂ ᠨᠠᠰᠤᠲᠠᠨ ᠢᠶᠠᠨ ᠬᠠᠯᠠᠮᠵᠢᠯᠠᠵᠦ᠂ | ᠨᠠᠰᠤᠲᠠᠨ ᠢᠶᠠᠨ ᠬᠠᠶᠢᠷᠠᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠤᠨ᠂ | ᠨᠠᠰᠤᠲᠠᠶᠢᠴᠤᠳ ᠲᠤ ᠪᠠᠨ ᠬᠠᠶᠢᠷ᠎ᠠ ᠬᠠᠯᠠᠮᠵᠢ ᠪᠤᠯᠤᠨ ᠬᠠᠯᠠᠭᠤᠨ ᠲᠤᠯᠠᠭᠠᠨ ᠢ ᠬᠦᠷᠳᠡᠭᠡᠬᠦ ᠢ ᠡᠬᠦᠳᠡᠨ ᠠᠴᠠ᠂ ︽ | ᠭᠤᠶᠢᠳᠠ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ︾ ᠤᠨ ᠬᠢᠨ ᠨᠠᠰᠤᠲᠠᠶᠢᠴᠤᠳ ᠢᠶᠠᠨ ᠬᠠᠯᠠᠮᠵᠢᠯᠠᠨ | ᠬᠠᠶᠢᠷᠠᠯᠠᠬᠤ ᠠᠵᠢᠯᠯᠠᠭ᠎ᠠ ᠦᠷᠨᠢᠬᠦᠯᠵᠠᠢ᠃ ᠠᠵᠢᠯᠯᠠᠭ᠎ᠠ ᠳᠤ 10 ᠨᠠᠰᠤᠲᠠᠨ ᠢ ᠲᠣᠬᠤᠨᠢᠭᠤᠯᠵᠦ᠂ ᠲᠡᠳᠠᠨᠠᠷ ᠲᠤ | ᠭᠤᠶᠦ ᠬᠢᠴᠡᠳᠡᠢ ᠮᠣᠩᠭᠤᠯ ᠲᠡᠷᠯᠢᠭ ᠬᠦᠷᠭᠡᠬᠦ ᠶᠢᠨ ᠬᠠᠮᠲᠤ ᠳᠣᠲᠣᠨᠣ ᠪᠠᠷ ᠶᠠᠷᠢᠯᠴᠠᠨ᠂ ᠨᠠᠰᠤᠲᠠᠳ ᠤᠨ ᠪᠡᠶ᠎ᠡ ᠶᠢᠨ | ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠦ ᠯᠠᠪᠯᠠᠨ᠂ ᠲᠡᠳᠡᠨᠠᠷ ᠢ ᠪᠡᠶ᠎ᠡ ᠶᠢᠨ ᠡᠷᠡᠬᠦᠯ | ᠮᠡᠨᠳᠦ ᠪᠠᠨ ᠠᠩᠬᠠᠷᠤᠨ᠂ ᠪᠠᠶᠠᠷ ᠪᠠᠶᠠᠰᠬᠤᠯᠠᠩ ᠲᠠᠢ ᠠᠮᠢᠳᠤᠷᠠᠬᠤ ᠶᠢ ᠰᠠᠨᠠᠭᠤᠯᠤᠠᠠᠰᠠᠨ ᠪᠠᠶᠢᠨ᠎ᠠ᠃ | ᠲᠣᠬᠤᠨᠢᠭᠤᠯᠤᠯ ᠢ ᠬᠦᠯᠢᠶᠡᠭᠰᠡᠨ ᠨᠠᠰᠤᠲᠠᠳ ᠤᠨ ᠴᠢᠷᠠᠢ ᠳᠤ ᠵᠣᠯ ᠵᠢᠷᠭᠠᠯ ᠤᠨ ᠢᠨᠢᠶᠡᠳᠦ ᠪᠢᠯᠬᠠᠮ᠎ᠠ ᠪᠠᠶᠢᠯ᠎ᠠ᠃ | ᠨᠠᠷᠡᠡᠳᠤᠩᠭᠠᠯᠠᠭ ᠨᠠᠰᠤᠳᠠᠨ᠄ ︽ᠭᠤᠶᠢᠳ᠋ᠨ ᠦᠨᠳᠦᠰᠦᠲᠡᠨ ᠤ ᠬᠤᠪᠴᠠᠰᠤ ᠵᠠᠰᠠᠯ︾ ᠤᠨ ᠲᠡᠯᠬᠡᠬᠦᠷ ᠤᠨ ᠡᠵᠡᠨᠳᠡᠨ | ᠰᠤᠯᠤᠩᠭᠤᠸ᠎ᠠ ᠵᠢᠯ ᠪᠣᠯᠭᠠᠨ ᠮᠠᠨ ᠤ ᠨᠠᠰᠤᠲᠠᠶᠢᠴᠤᠳ ᠢ ᠡᠷᠬᠢᠨ ᠦᠵᠡᠵᠦ᠂ ᠪᠢᠳᠡᠨ ᠲᠠᠢ ᠬᠠᠮᠲᠤ ᠴᠠᠶᠢᠯᠠᠯᠭ᠎ᠠ | ᠬᠢᠵᠦ᠂ ᠡᠯ᠎ᠡ ᠵᠦᠢᠯ ᠤᠨ ᠵᠤᠭ᠎ᠠ ᠴᠡᠩᠭᠡᠯ ᠤᠨ ᠠᠵᠢᠯᠯᠠᠭᠠᠨ ᠥᠷᠨᠢᠭᠦᠯᠤᠨ᠂ ᠮᠠᠨ ᠢ ᠳᠠᠭᠠᠭᠤᠯᠵᠦ ᠬᠡᠭᠡᠷ᠎ᠡ ᠭᠠᠳᠠᠨ᠎ᠠ | ᠵᠤᠭᠠᠴᠠᠬᠤ ᠶᠢᠨ ᠬᠠᠮᠲᠤ ᠪᠠᠰᠠ ᠮᠠᠨ ᠳᠤ ᠰᠠᠶᠢᠬᠠᠨ ᠪᠡᠯᠡᠭ ᠬᠦᠷᠭᠡᠳᠡᠭ᠃ ᠡᠶᠢᠮᠦᠷᠬᠦ ᠬᠠᠶᠢᠷ᠎ᠠ ᠬᠠᠯᠠᠮᠵᠢ ᠶᠢᠨ | ᠠᠵᠢᠯᠯᠠᠭᠠᠨ ᠨᠢᠭᠡᠨᠲᠡ 10 ᠵᠢᠯ ᠶᠠᠪᠤᠭᠳᠠᠵᠦ ᠪᠠᠶᠢᠨ᠎ᠠ᠂ ᠲᠡᠷᠡ ᠪᠢᠳᠡᠨ ᠢ ᠦᠨᠡᠨ ᠰᠡᠳᠬᠢᠯ ᠠᠴᠠ ᠪᠠᠨ ᠬᠠᠶᠢᠷᠠᠯᠠᠨ | ᠬᠠᠯᠠᠮᠵᠢᠯᠠᠵᠤ᠂ ᠮᠠᠨ ᠳᠤ ᠰᠠᠶᠢᠨ ᠶᠠᠪᠤᠳᠠᠯ ᠬᠢᠵᠦ ᠦᠭᠴᠦ ᠯᠡ ᠪᠠᠶᠢᠨ᠎ᠠ ᠰᠢᠦ᠂ ᠪᠢ ᠦᠨᠡᠨ ᠰᠡᠳᠬᠢᠯ ᠠᠴᠠ ᠪᠠᠨ | ᠲᠡᠭᠦᠨ ᠳᠤ ᠲᠠᠯᠠᠷᠬᠠᠨ᠎ᠠ︕︾ ᠬᠡᠵᠦ ᠶᠠᠷᠢᠵᠦ ᠪᠠᠶᠢᠯ᠎ᠠ᠃ | ᠠᠯᠳᠠᠠᠭᠤᠤᠯ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠨ ᠤ ᠭᠦᠢᠴᠡᠳᠭᠡᠭᠴᠢ ᠭᠡᠰᠢᠭᠦᠨ ᠰᠤᠯᠤᠩᠭᠤᠸ᠎ᠠ | ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠦ᠂ ᠨᠠᠰᠤᠲᠠᠶᠢᠴᠤᠳ ᠢᠶᠠᠨ | ᠬᠦᠨᠳᠦᠯᠡᠵᠦ ᠨᠠᠰᠤᠳᠠᠶᠢᠴᠤᠳ ᠢᠶᠠᠨ ᠬᠠᠯᠠᠮᠵᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ︽ᠭᠤᠶᠢᠳᠡ ᠦᠨᠳᠦᠰᠦᠲᠡᠨ ᠤ ᠬᠤᠪᠴᠠᠰᠤ ᠵᠠᠰᠠᠯ︾ ᠤᠨ | ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠯᠠᠨ ᠠᠷᠭ᠎ᠠ ᠵᠠᠮ ᠢᠶᠠᠷ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠶᠢᠷ᠎ᠠ ᠬᠠᠯᠠᠮᠵᠢᠯᠠᠯ ᠪᠤᠯᠤᠨ ᠳᠡᠮᠵᠢᠯᠭᠡ ᠶᠢ ᠣᠯᠵᠤ᠂ ᠨᠠᠩ ᠣᠯᠠᠨ ᠬᠠᠯᠠᠮᠵᠢ ᠬᠠᠶᠢᠷ᠎ᠠ ᠶᠢᠨ | ᠠᠵᠢᠯᠯᠠᠭᠠᠨ ᠦᠷᠨᠢᠬᠦᠯᠬᠦ ᠪᠠᠷ ᠪᠤᠢ᠃ |