ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2024/6/12
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠤᠭᠲᠠᠭᠠᠬᠤ ᠠᠵᠢᠯ ᠤᠨ ᠰᠠᠨᠠᠯ︾᠂ ︽ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠭᠡᠷ ᠪᠦᠯᠢ ᠶᠢᠨ ᠮᠠᠯᠵᠢᠯ ᠤᠨ ᠲᠠᠯᠠᠪᠠᠶ︾ ᠭᠡᠬᠦ ᠡᠨᠡᠬᠦ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠤᠨ ᠬᠥᠭᠵᠢᠭᠦᠯᠵᠦ᠂ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠡᠷᠴᠢᠮᠵᠢᠭᠰᠡᠨ᠂ ᠲᠠᠸᠠᠷᠴᠢᠯᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠲᠦᠪᠰᠢᠨ ᠢ ᠠᠬᠢᠭᠤᠯᠤᠨ᠂ ᠵᠢᠷᠤᠮᠵᠢᠭᠰᠠᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃    ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠦᠢᠯ    ᠲᠣᠰ ᠠᠷᠭ᠎ᠠ ᠶᠢᠨ ᠬᠡᠷᠡᠭᠯᠡᠬᠦ ᠬᠡᠪᠴᠢᠶ᠎ᠡ᠄ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠡᠷᠡᠮᠡᠯᠵᠡᠯᠡᠬᠦ᠂ ᠦᠨᠡᠯᠡᠨ ᠲᠤᠭᠲᠠᠭᠠᠬᠤ ᠳᠤ ᠬᠡᠷᠡᠭᠯᠡᠨ᠎ᠡ᠃    ᠬᠤᠶᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠭᠡᠷ ᠪᠦᠯᠢ ᠶᠢᠨ ᠮᠠᠯᠵᠢᠯ ᠤᠨ ᠲᠠᠯᠠᠪᠠᠶ ᠭᠡᠳᠡᠭ ᠨᠢ ᠭᠡᠷ ᠪᠦᠯᠢ ᠶᠢᠨ ᠪᠦᠷᠢᠯᠳᠦᠭᠦᠨ ᠢᠶᠠᠷ ᠭᠤᠣᠯ ᠬᠥᠳᠡᠯᠮᠦᠷᠢ ᠬᠦᠴᠦᠨ ᠪᠣᠯᠭᠠᠵᠤ᠂ ᠭᠡᠷ ᠪᠦᠯᠢ ᠪᠠᠷ ᠦᠨᠳᠦᠰᠦᠨ ᠡᠵᠡᠩᠨᠡᠯᠲᠡ ᠶᠢᠨ ᠨᠢᠭᠡᠴᠡ ᠪᠤᠯᠭᠠᠭᠰᠠᠨ᠂ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠦᠢᠯᠡᠳᠪᠦᠷᠢᠯᠡᠯ ᠢ ᠡᠷᠭᠢᠯᠡᠵᠦ ᠪᠦᠬᠦᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠵᠢᠭᠠᠵᠤ ᠪᠣᠶ᠃    ᠭᠤᠷᠪᠠᠳᠤᠭᠠᠷ ᠵᠦᠢᠯ  ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠠᠶᠤᠯᠬᠦᠢ ᠦᠢᠯᠡᠳᠪᠦᠷᠢᠯᠡᠬᠦ ᠶᠢ ᠪᠡᠶᠡᠯᠡᠭᠦᠯᠵᠦ᠂ ᠣᠷᠴᠢᠨ ᠲᠣᠭᠤᠷᠢᠨ ᠨᠢ ᠨᠥᠬᠦᠷᠰᠡᠭ ᠬᠡᠯᠪᠡᠷᠢ ᠶᠢᠨ ᠪᠠ ᠦᠷᠭᠦᠯᠵᠢᠯᠡᠬᠦ ᠴᠢᠨᠠᠷᠲᠠᠢ ᠪᠠᠷ ᠬᠥᠭᠵᠢᠭᠦᠯᠬᠦ ᠶᠢ ᠵᠢᠷᠤᠮᠯᠠᠬᠤ ᠬᠡᠷᠡᠭᠲᠡᠢ᠃    ᠳᠥᠷᠪᠡᠳᠦᠭᠡᠷ ᠵᠦᠢᠯ    ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠤᠭᠲᠠᠭᠠᠬᠤ ᠳᠤ ᠢᠯᠡ ᠲᠤᠳᠤ᠂ ᠡᠷᠬᠡ ᠲᠡᠭᠰᠢ᠂ ᠲᠥᠪ ᠭᠤᠥᠯᠴᠢ᠂ ᠨᠡᠶᠢᠲᠡ ᠶᠢᠨ ᠢᠲᠡᠭᠡᠮᠵᠢ ᠶᠢᠨ ᠵᠠᠷᠴᠢᠮ ᠢ ᠪᠠᠷᠢᠮᠲᠠᠯᠠᠨ᠎ᠠ᠃    ᠬᠤᠶᠠᠳᠤᠭᠠᠷ ᠪᠦᠯᠦᠭ   ᠮᠡᠳᠡᠭᠦᠯᠬᠦ ᠨᠥᠬᠦᠴᠡᠯ    ᠲᠠᠪᠤᠳᠤᠭᠠᠷ ᠵᠦᠢᠯ   ᠮᠠᠯᠵᠢᠬᠤ ᠡᠷᠦᠬᠡ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠰᠠᠶᠢᠨ ᠳᠤᠷ᠎ᠠ ᠠᠴᠠ ᠪᠠᠨ ᠡᠷᠡᠮᠡᠯᠵᠡᠯᠡᠵᠦ᠂ ᠭᠠᠴᠠᠭ᠎ᠠ ᠰᠤᠮᠤ ᠪᠠᠯᠭᠠᠰᠤ ᠨᠢ ᠠᠩᠬᠠᠨ ᠤ ᠬᠢᠨᠠᠯᠲᠠ ᠶᠢ ᠬᠠᠷᠢᠭᠤᠴᠠᠵᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ ᠬᠢᠨᠠᠨ ᠪᠠᠶᠢᠴᠠᠭᠠᠬᠤ᠂ ᠦᠨᠡᠯᠡᠨ ᠲᠣᠭᠲᠠᠭᠠᠬᠤ ᠵᠢᠴᠢ ᠬᠢᠨᠠᠯᠲᠠ ᠲᠠᠯᠪᠢᠵᠤ ᠬᠠᠮᠢᠶᠠᠷᠬᠤ ᠪᠠ ᠲᠤᠬᠠᠶᠢᠯᠠᠭᠰᠠᠨ ᠠᠵᠢᠯ ᠢ ᠵᠢᠯᠤᠭᠤᠳᠬᠤ ᠠᠵᠢᠯ ᠢ ᠬᠠᠷᠢᠭᠤᠴᠠᠨ᠎ᠠ᠃     ᠵᠢᠷᠭᠤᠳᠤᠭᠠᠷ ᠵᠦᠢᠯ   ᠭᠤᠣᠯ ᠴᠣᠭᠴᠠ ᠶᠢᠨ ᠨᠥᠬᠦᠴᠡᠯ     ︵ᠨᠢᠭᠡ︶ ᠲᠤᠰ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠪᠦᠬᠦᠯᠢ ᠠᠷᠪᠠᠨ ᠨᠠᠢᠮᠠᠨ ᠨᠠᠰᠤᠨ ᠠᠴᠠ ᠳᠡᠭᠡᠭᠰᠢᠬᠢ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ᠂ ᠪᠡᠶ᠎ᠡ ᠪᠠᠨ ᠳᠠᠭᠠᠭᠠᠵᠤ ᠢᠷᠭᠡᠨ ᠤ ᠬᠡᠷᠡᠭ ᠤᠨ ᠠᠵᠢᠯᠯᠠᠭ᠎ᠠ ᠬᠢᠵᠦ ᠪᠣᠯᠬᠤ᠂ ᠣᠷᠳᠣ ᠬᠤᠭᠤᠴᠠᠭ᠎ᠠ ᠪᠠᠷ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠣᠯᠬᠤ ᠮᠥᠷᠲᠡᠭᠡᠨ ᠡᠷᠬᠡᠪᠰᠢ ᠪᠠᠶᠢᠭ᠎ᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ ᠡᠳ᠋ᠯᠡᠵᠦ ᠪᠦᠬᠦᠢ ᠮᠠᠯᠵᠢᠬᠤ ᠡᠷᠦᠬᠡ ᠪᠠᠶᠢᠬᠤ ᠬᠡᠷᠡᠭᠲᠡᠢ᠃    ︵ᠬᠤᠶᠠᠷ︶ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠭᠠᠵᠠᠷ ᠢ ᠰᠢᠯᠵᠢᠬᠦᠯᠦᠨ ᠬᠡᠷᠡᠭᠯᠡᠭᠰᠡᠨ ᠠᠷᠭ᠎ᠠ ᠮᠠᠶ᠋ᠢᠭ ᠢᠶᠠᠷ ᠣᠯᠣᠭᠰᠠᠨ ᠪᠠᠶᠢᠪᠠᠯ᠂ ᠳᠦᠷᠢᠮᠵᠢᠭᠰᠡᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠬᠦᠯᠦᠭᠰᠡᠨ ᠭᠡᠷ᠎ᠡ ᠲᠠᠢ ᠪᠠᠶᠢᠬᠤ ᠶᠢᠨ ᠬᠠᠮᠲᠤ ᠭᠠᠴᠠᠭᠠᠨ ᠤ ᠵᠥᠪᠯᠡᠯ ᠪᠣᠯᠣᠨ ᠰᠤᠮᠤ ᠪᠠᠯᠭᠠᠰᠤᠨ ᠳᠤ ᠬᠦᠷᠴᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠭᠠᠵᠠᠷ ᠨᠢ ᠬᠠᠷᠢᠴᠠᠩᠭᠤᠢ ᠪᠠᠷ ᠲᠥᠪᠯᠡᠷᠡᠨ ᠵᠠᠯᠭᠠᠯᠳᠤᠭᠰᠠᠨ ᠪᠠᠶᠢᠬᠤ ᠬᠡᠷᠡᠭᠳᠡᠢ᠃    ︵ᠭᠤᠷᠪᠠ︶ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠣᠯᠣᠨ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ  ᠠᠮᠤᠷ ᠳᠥᠪᠰᠢᠨ᠂ ᠠᠶᠤᠯᠬᠦᠢ ᠪᠠᠶᠢᠬᠤ ᠲᠤᠬᠠᠢ ᠤᠯᠤᠰ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠭᠰᠡᠨ ᠪᠠᠶᠢᠬᠤ ᠬᠡᠷᠡᠭᠲᠡᠢ᠃    ᠳᠣᠯᠣᠳᠤᠭᠠᠷ ᠵᠦᠢᠯ   ᠦᠨᠡᠯᠡᠨ ᠲᠤᠭᠲᠠᠭᠠᠬᠤ ᠪᠠᠷᠢᠮᠵᠢᠶ᠎ᠠ    ︵ᠨᠢᠭᠡ︶ ᠪᠡᠯᠴᠢᠭᠡᠷ ᠤᠨ ᠨᠥᠬᠦᠴᠡᠯ᠄  ᠪᠡᠯᠴᠢᠭᠡᠷ ᠤᠨ ᠲᠠᠯᠠᠪᠠᠢ ᠨᠢ ᠠᠳᠠᠭ ᠲᠠᠭᠠᠨ 3500 ᠮᠦ ᠠᠴᠠ ᠳᠡᠭᠡᠭᠰᠢ ᠪᠠᠶᠢᠵᠤ᠂ ᠨᠡᠶᠢᠲᠡ ᠶᠢᠨ ᠠᠰᠢᠭᠲᠦ ᠤᠢ ᠶᠢᠨ ᠲᠠᠯᠠᠪᠠᠢ ᠶᠢ ᠬᠠᠳᠤᠯᠠᠩ ᠪᠡᠯᠴᠢᠭᠡᠷ ᠤᠨ ᠲᠠᠯᠠᠪᠠᠢ ᠳᠤ ᠪᠤᠳᠤᠵᠤ ᠣᠷᠣᠭᠤᠯᠬᠤ ᠦᠭᠡᠢ᠂ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ᢭ ᠤ ᠭᠠᠵᠠᠷ ᠤᠨ ᠲᠠᠯᠠᠪᠠᠢ ᠶᠢ ᠬᠠᠳᠤᠯᠠᠩ ᠪᠡᠯᠴᠢᠭᠡᠷ ᠤᠨ ᠲᠠᠯᠠᠪᠠᠢ ᠳᠤ ᠪᠤᠳᠤᠵᠤ ᠣᠷᠣᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠳᠤᠯᠠᠭᠠᠨ ᠤᠯᠠᠷᠢᠯ ᠳᠤ ᠰᠡᠯᠭᠦᠨ ᠮᠠᠯᠵᠢᠬᠤ᠂ ᠬᠦᠢᠲᠡᠨ ᠤᠯᠠᠷᠢᠯ ᠳᠤ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠠᠷᠭ᠎ᠠ ᠮᠠᠶ᠋ᠢᠭ ᠢᠶᠠᠷ ᠮᠠᠯᠵᠢᠨ᠎ᠠ᠃ ᠨᠡᠶᠢᠲᠡᠯᠢᠭ ᠨᠤᠲᠤᠭ ᠪᠡᠯᠴᠢᠭᠡᠷ ︵ᠲᠠᠯ᠎ᠠ ᠭᠠᠵᠠᠷ︶᠎ ᠤᠨ ᠣᠷᠣᠨ ᠪᠦᠰᠡ ᠳᠤ ᠮᠢᠬᠠᠨ ᠤ ᠬᠤᠨᠢ᠂ ᠮᠢᠬᠠᠨ ᠤ ᠦᠬᠡᠷ᠂ ᠢᠮᠠᠭ᠎ᠠ᠂ ᠲᠡᠮᠡᠭᠡ᠂ ᠮᠣᠷᠢ ᠪᠠᠷ ᠭᠤᠣᠯ ᠪᠣᠯᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠤᠨ᠎ᠠ᠃ ᠡᠯᠡᠰᠦᠷᠬᠡᠭ ᠭᠠᠵᠠᠷ ᠣᠷᠣᠨ ᠳᠤ ᠮᠢᠬᠠᠨ ᠤ ᠦᠬᠡᠷ᠂ ᠲᠡᠮᠡᠭᠡ ᠪᠠᠷ ᠭᠤᠣᠯ ᠪᠣᠯᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠤᠨ᠎ᠠ᠃ ᠬᠠᠳᠤᠯᠠᠩ ᠪᠡᠯᠴᠢᠭᠡᠷ ᠲᠠᠢ ᠭᠠᠵᠠᠷ ᠣᠷᠣᠨ ᠳᠤ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠳᠤᠬᠤ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠵᠢᠷᠤᠮᠯᠠᠨ ᠬᠠᠳᠤᠵᠤ ᠬᠠᠮᠢᠶᠠᠷᠴᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠡᠭᠡᠯᠵᠢᠯᠡᠨ ᠬᠠᠳᠤᠬᠤ ᠳᠦᠷᠢᠮ ᠪᠠ ᠡᠪᠦᠯ ᠬᠠᠪᠤᠷ ᠤᠨ ᠤᠯᠠᠷᠢᠯ ᠤᠨ ᠡᠪᠡᠰᠦ ᠨᠥᠭᠡᠴᠡᠯᠡᠬᠦ ᠪᠠᠷᠢᠮᠵᠢᠶ᠎ᠠ ᠶᠢ ᠲᠣᠭᠲᠠᠭᠠᠵᠤ᠂ ᠡᠪᠡᠰᠦ ᠬᠠᠳᠤᠵᠤ ᠨᠥᠭᠡᠴᠡᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ᠪᠥᠬᠦ ᠵᠢᠯ ᠳᠤ ᠬᠠᠰᠢᠶᠠᠯᠠᠨ᠂ ᠬᠡᠪᠴᠢᠶᠡᠵᠢᠭᠦᠯᠦᠨ᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠪᠥᠬᠦ ᠵᠢᠯ ᠳᠤ ᠬᠠᠰᠢᠶᠠᠯᠠᠨ ᠲᠡᠵᠢᠭᠡᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠨᠢ ᠬᠠᠳᠤᠯᠠᠩ ᠪᠡᠯᠴᠢᠭᠡᠷ ᠤᠨ ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠨᠥᠬᠦᠴᠡᠯ ᠲᠠᠢ ᠮᠠᠯᠵᠢᠬᠤ ᠡᠷᠦᠬᠡ ᠵᠣᠬᠢᠬᠤ ᠬᠡᠪᠴᠢᠶᠡᠨ ᠤ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠭᠠᠵᠠᠷ ᠢ ᠪᠠᠶᠢᠭᠤᠯᠬᠤ ᠶᠢ ᠵᠣᠷᠢᠭᠵᠢᠭᠤᠯᠤᠨ᠎ᠠ᠃    ︵ᠬᠤᠶᠠᠷ︶ ᠮᠠᠯᠵᠢᠬᠤ ᠨᠥᠬᠦᠴᠡᠯ᠄ ᠮᠢᠬᠠᠨ ᠤ ᠬᠤᠨᠢᠨ ᠤ ᠲᠠᠯ᠎ᠠ ᠪᠠᠷ᠂  ᠲᠥᠯᠯᠡᠬᠦ ᠡᠮ᠎ᠡ ᠬᠤᠨᠢ ᠶᠢ ᠴᠥᠮ ᠦᠵᠦᠮᠦᠴᠢᠨ ᠬᠤᠨᠢᠨ ᠤ ᠡᠭᠦᠯᠳᠡᠷ ᠤᠨ ᠪᠠᠷᠢᠮᠵᠢᠶ᠎ᠠ ᠳᠤ ᠬᠦᠷᠭᠡᠵᠦ᠂ ᠬᠤᠴᠠ ᠨᠢ ᠣᠨᠴᠠ᠂ ᠨᠢᠭᠡᠳᠦᠭᠡᠷ ᠳᠡᠰ ᠪᠠᠶᠢᠵᠤ᠂ ᠬᠤᠴᠠ ᠪᠣᠯᠤᠨ ᠡᠮ᠎ᠡ ᠬᠤᠨᠢᠨ ᠤ ᠬᠠᠷᠢᠴᠠᠯ ᠢ 1᠄ 35 ᠣᠷᠴᠢᠮ ᠪᠠᠶᠢᠯᠭᠠᠵᠦ᠂ ᠳᠦᠯᠯᠡᠬᠦ ᠨᠤᠷᠮ᠎ᠠ ᠶᠢ 100%᠎ ᠠᠴᠠ ᠳᠡᠭᠡᠭᠰᠢ᠂ ᠣᠨᠳᠤᠷᠤᠬᠤ ᠡᠮ᠎ᠡ ᠬᠤᠨᠢᠨ ᠤ ᠬᠤᠪᠢ ᠶᠢᠨ ᠵᠢᠩ ᠢ 85%᠎ ᠠᠴᠠ ᠳᠡᠭᠡᠭᠰᠢ᠂ ᠳᠦᠯᠯᠡᠬᠦ ᠡᠮ᠎ᠡ ᠬᠤᠨᠢᠨ᢭ ᠤ ᠲᠤᠭ᠎ᠠ ᠲᠣᠯᠣᠭᠠᠢ ᠶᠢ 300᠎ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠮᠢᠬᠠᠨ ᠤ ᠦᠬᠡᠷ ᠤᠨ ᠲᠠᠯ᠎ᠠ ᠪᠠᠷ᠂ ᠲᠥᠯᠯᠡᠬᠦ ᠡᠬᠡ ᠮᠠᠯ ᠤᠨ ᠳᠣᠲᠣᠷ᠎ᠠ ᠬᠤᠶᠠᠳᠤᠭᠠᠷ ᠦᠶ᠎ᠡ ᠠᠴᠠ ᠳᠡᠭᠡᠭᠰᠢᠬᠢ ᠠᠩᠭᠧᠰ᠂ ᠰᠢᠮᠧᠨ᠋ᠲ᠋ᠠᠷ᠂ ᠱᠠᠷᠣᠯᠠᠶ᠂ ᠮᠣᠩᠭᠤᠯ ᠦᠬᠡᠷ ᠪᠠᠶᠢᠵᠦ᠂ ᠲᠤᠭᠤᠯᠯᠠᠬᠤ ᠦᠨᠢᠶ᠎ᠡ 90%᠎ ᠠᠴᠠ ᠳᠡᠭᠡᠭᠰᠢᠬᠢ ᠶᠢ ᠡᠵᠡᠯᠡᠵᠦ ᠂ ᠳᠤᠭᠤᠯᠯᠠᠬᠤ ᠨᠣᠷᠮ᠎ᠠ ᠶᠢ 85%᠎ ᠠᠴᠠ ᠳᠡᠭᠡᠭᠰᠢ ᠳᠤ ᠬᠦᠷᠭᠡᠵᠦ᠂ 50 ᠲᠣᠯᠣᠭᠠᠢ ᠠᠴᠠ ᠳᠡᠭᠡᠭᠰᠢ ᠡᠬᠡ ᠮᠠᠯ ᠮᠠᠯᠵᠢᠵᠤ᠂ ᠢᠴᠡᠭᠡᠯ ᠦᠷ᠎ᠡ ᠶᠢᠨ ᠬᠡᠭᠡᠯᠳᠦᠭᠦᠯᠭᠡ ᠪᠤᠶᠤ ᠭᠤᠷᠪᠠᠨ ᠦᠶ᠎ᠡ ᠠᠴᠠ ᠳᠡᠭᠡᠭᠰᠢᠬᠢ ᠰᠠᠶᠢᠨ ᠡᠭᠦᠯᠳᠡᠷ ᠤᠨ ᠪᠤᠬ᠎ᠠ ᠬᠡᠷᠡᠭᠯᠡᠭᠰᠡᠨ ᠪᠠᠶᠢᠬᠤ ᠬᠡᠷᠡᠭᠲᠡᠢ᠃ ᠮᠣᠩᠭᠤᠯ ᠮᠤᠷᠢᠨ ᠤ ᠲᠠᠯ᠎ᠠ ᠪᠠᠷ᠂ ᠠᠵᠢᠷᠭ᠎ᠠ ᠪᠣᠯᠤᠨ ᠭᠡᠭᠦᠤ ᠶᠢᠨ ᠬᠠᠷᠢᠴᠠᠯ ᠢ 1:15 ᠣᠷᠴᠢᠮ ᠪᠠᠶᠢᠯᠭᠠᠵᠤ᠂ ᠭᠡᠭᠦᠦ ᠶᠢᠨ ᠤᠨᠠᠭᠠᠯᠠᠬᠤ ᠨᠣᠷᠮ᠎ᠠ ᠶᠢ 70%᠎ ᠠᠴᠠ ᠳᠡᠭᠡᠭᠰᠢ ᠳᠤ ᠬᠦᠷᠭᠡᠵᠦ᠂ 50 ᠳᠤᠯᠤᠭᠠᠢ ᠠᠴᠠ ᠳᠡᠭᠡᠭᠰᠢ ᠭᠡᠭᠦᠦ ᠮᠠᠯᠵᠢᠨ᠎ᠠ᠃ ᠲᠡᠮᠡᠭᠡᠨ ᠤ ᠲᠠᠯ᠎ᠠ ᠪᠠᠷ᠂ ᠲᠡᠮᠡᠭᠡᠨ ᠰᠦᠷᠦᠭ ᠢ ᠴᠥᠮ ᠬᠤᠣᠰ ᠪᠥᠬᠦᠲᠦ ᠲᠡᠮᠡᠭᠡᠨ ᠤ ᠪᠠᠷᠢᠮᠵᠢᠶ᠎ᠠ ᠳᠤ ᠬᠦᠷᠭᠡᠵᠦ᠂  ᠪᠤᠤᠷ᠎ᠠ ᠪᠣᠯᠤᠨ ᠢᠩᠭᠡᠨ ᠤ ᠬᠠᠷᠢᠴᠠᠯ ᠢ 1:40 ᠣᠷᠴᠢᠮ ᠪᠠᠶᠢᠯᠭᠠᠵᠤ᠂ ᠢᠩᠭᠡᠨ ᠤ ᠪᠤᠲᠤᠭᠤᠯᠠᠬᠤ ᠨᠣᠷᠮ᠎ᠠ ᠶᠢ 45%᠎ ᠠᠴᠠ ᠳᠡᠭᠡᠭᠰᠢ ᠳᠤ ᠬᠦᠷᠭᠡᠵᠦ᠂ 50 ᠲᠤᠯᠤᠭᠠᠢ ᠠᠴᠠ ᠳᠡᠭᠡᠭᠰᠢ ᠢᠩᠭᠡ ᠮᠠᠯᠵᠢᠨ᠎ᠠ᠃ ᠢᠮᠠᠭᠠᠨ ᠤ ᠲᠠᠯ᠎ᠠ ᠪᠠᠷ᠂  ᠲᠥᠯᠯᠡᠬᠦ ᠡᠮ᠎ᠡ ᠢᠮᠠᠭ᠎ᠠ ᠨᠢ ᠪᠦᠬᠦᠨ ᠢᠶᠠᠷ ᠢᠶᠠᠨ ᠦᠵᠦᠮᠦᠴᠢᠨ ᠴᠠᠭᠠᠨ ᠢᠮᠠᠭᠠᠨ ᠤ ᠡᠭᠦᠯᠳᠡᠷ ᠤᠨ ᠪᠠᠷᠢᠮᠵᠢᠶ᠎ᠠ ᠳᠤ ᠬᠦᠷᠴᠦ᠂ ᠤᠬᠤᠨ᠎ᠠ ᠨᠢ ᠣᠨᠴᠠ᠂ ᠨᠢᠭᠡᠳᠦᠭᠡᠷ ᠳᠡᠰ ᠪᠠᠶᠢᠵᠦ᠂ ᠤᠬᠤᠨ᠎ᠠ ᠪᠣᠯᠤᠨ ᠡᠮ᠎ᠡ ᠢᠮᠠᠭᠠᠨ ᠤ ᠬᠠᠷᠢᠴᠠᠯ ᠨᠢ 1:35 ᠣᠷᠴᠢᠮ ᠪᠠᠶᠢᠵᠤ ᠂ ᠢᠰᠢᠭᠡᠯᠡᠬᠦ ᠨᠣᠷᠮ᠎ᠠ ᠶᠢ 100%᠎ ᠳᠤ ᠬᠦᠷᠭᠡᠵᠦ᠂ 300 ᠲᠣᠯᠤᠭᠠᠢ ᠠᠴᠠ ᠳᠡᠭᠡᠭᠰᠢ ᠡᠮ᠎ᠡ ᠢᠮᠠᠭ᠎ᠠ ᠪᠠᠶᠢᠬᠤ ᠬᠡᠷᠡᠭᠳᠡᠢ᠃ ᠰᠠᠭᠠᠯᠢ ᠶᠢᠨ ᠦᠨᠢᠶᠡᠨ ᠤ ᠲᠠᠯ᠎ᠠ ᠪᠠᠷ᠂ ᠨᠠᠰᠤᠨ ᠳᠤ ᠬᠦᠷᠦᠭᠰᠡᠨ ᠰᠠᠭᠠᠯᠢ ᠶᠢᠨ ᠦᠨᠢᠶ᠎ᠡ ᠶᠢᠨ 305 ᠡᠳᠦᠷ ᠤᠨ ᠬᠦᠪᠦᠷᠡᠯ ᠤᠨ ᠤᠳᠠᠭ᠎ᠠ ᠪᠦᠷᠢ ᠶᠢᠨ ᠭᠠᠷᠤᠯᠲᠠ ᠨᠢ ᠶᠡᠷᠦ ᠳᠡᠭᠡᠨ 5000 ᠺᠢᠯᠣᠭ᠍ᠷᠠᠮ ᠠᠴᠠ ᠳᠡᠭᠡᠭᠰᠢ᠂ ᠰᠦᠨ ᠥᠭᠡᠬᠦᠨ ᠤ ᠨᠤᠷᠮ᠎ᠠ ᠨᠢ 3.2%᠎ ᠠᠴᠠ ᠳᠡᠭᠡᠭᠰᠢ᠂ ᠪᠡᠶ᠎ᠡ ᠶᠢᠨ ᠬᠦᠨᠳᠦ ᠨᠢ 500—700 ᠺᠢᠯᠣᠭ᠍ᠷᠠᠮ᠂ ᠪᠡᠶ᠎ᠡ ᠶᠢᠨ ᠦᠨᠳᠦᠷ ᠨᠢ 132—140 ᠰᠠᠨᠲ᠋ᠢᠮᠧᠲᠷ᠃ ᠡᠭᠦᠯᠳᠡᠷ ᠤᠨ ᠪᠠᠷᠢᠮᠵᠢᠶ᠎ᠠ ᠳᠤ ᠦᠨᠳᠦᠰᠦᠨ ᠳᠡᠭᠡᠨ ᠨᠡᠶᠢᠴᠡᠵᠦ᠂ ᠰᠠᠭᠠᠯᠢ ᠶᠢᠨ ᠦᠨᠢᠶᠡᠨ ᠤ ᠰᠦᠷᠦᠭ ᠤᠨ ᠪᠦᠲᠦᠴᠡ ᠨᠢ ᠵᠦᠢ ᠵᠣᠬᠢᠰᠲᠠᠢ᠂ ᠲᠡᠵᠢᠭᠡᠨ ᠦᠷᠡᠵᠢᠭᠦᠯᠬᠦ ᠬᠡᠪᠴᠢᠶ᠎ᠡ ᠨᠢ 30 ᠲᠣᠯᠣᠭᠠᠢ ᠣᠷᠴᠢᠮ ᠪᠣᠯᠣᠨ᠎ᠠ᠃     ︵ᠭᠤᠷᠪᠠ︶ ᠦᠢᠯᠡᠳᠪᠦᠷᠢᠯᠡᠯ ᠤᠨ ᠨᠥᠬᠦᠴᠡᠯ     ⒈ ᠮᠠᠯ ᠤᠨ ᠫᠧᠩ᠄ ᠡᠪᠦᠯᠵᠢᠬᠦ ᠮᠠᠯ ᠤᠨ ᠬᠤᠨᠢᠴᠢᠯᠠᠭᠰᠠᠨ ᠨᠢᠭᠡᠴᠢ ᠳᠤ ᠳᠤᠯᠠᠭᠠᠨ ᠫᠸᠡᠩ ᠳᠤᠮᠳᠠᠴᠢ ᠪᠠᠷ 1 ᠲᠡᠭᠰᠢ ᠳᠥᠷᠪᠡᠯᠵᠢᠨ ᠮᠧᠲᠷ ᠠᠴᠠ ᠳᠡᠭᠡᠭᠰᠢ᠃     ⒉ ᠮᠠᠯ ᠤᠨ ᠬᠠᠰᠢᠶ᠎ᠠ᠄ ᠡᠪᠦᠯᠵᠢᠬᠦ ᠮᠠᠯ ᠤᠨ ᠬᠤᠨᠢᠴᠢᠯᠠᠭᠰᠠᠨ ᠨᠢᠭᠡᠴᠢ ᠳᠤ ᠮᠠᠯ ᠤᠨ ᠬᠠᠰᠢᠶ᠎ᠠ ᠨᠢ ᠳᠤᠮᠳᠠᠴᠢ ᠪᠠᠷ 2 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠬᠡᠷᠡᠭᠲᠡᠢ᠃     ⒊ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ︵ᠮᠠᠯ ᠮᠠᠯᠵᠢᠬᠤ︶ ᠳᠦᠬᠦᠭᠡᠷᠦᠮᠵᠢ᠄ ᠮᠠᠯᠵᠢᠬᠤ ᠮᠠᠯ ᠤᠨ ᠲᠥᠷᠥᠯ ᠵᠦᠢᠯ ᠢ ᠦᠨᠳᠦᠰᠦᠯᠡᠨ᠂ ᠡᠮ ᠤᠨ ᠤᠬᠢᠶᠠᠯᠭ᠎ᠠ ᠶᠢᠨ ᠣᠩᠭᠤᠴᠠ ᠪᠤᠶᠤ ᠰᠦᠷᠴᠢᠨ ᠤᠬᠢᠶᠠᠬᠤ ᠲᠥᠬᠦᠭᠡᠷᠦᠮᠵᠢ ᠵᠢᠴᠢ ᠸᠠᠺᠼᠢᠨ ᠲᠠᠷᠢᠯᠭ᠎ᠠ ᠬᠢᠬᠦ᠂ ᠡᠮ ᠴᠢᠳᠬᠤᠬᠤ᠂ ᠡᠭᠡᠮᠦᠭ ᠬᠠᠳᠠᠬᠤ  ᠵᠡᠷᠭᠡ ᠶᠢᠨ ᠪᠠᠭᠠᠵᠢ ᠶᠢ ᠪᠦᠷᠢᠳᠦᠭᠦᠯᠦᠭᠰᠡᠨ ᠪᠠᠶᠢᠬᠤ ᠶᠢ ᠵᠢᠭᠠᠵᠤ ᠪᠤᠢ᠃    ⒋ ᠬᠤᠳᠳᠤᠭ᠄ ᠮᠠᠰᠢᠨ ᠴᠠᠬᠢᠯᠭᠠᠨ ᠬᠤᠳᠳᠤᠭ ᠪᠤᠶᠤ ᠤᠰᠤ ᠬᠠᠳᠠᠭᠠᠯᠠᠬᠤ ᠵᠣᠭᠤᠷᠢ ᠲᠠᠢ ᠪᠠᠶᠢᠵᠤ᠂ ᠬᠥᠮᠥᠨ ᠮᠠᠯ ᠤᠨ ᠤᠤᠭᠤᠬᠤ ᠤᠰᠤᠨ ᠤ ᠬᠡᠮᠵᠢᠶ᠎ᠡ ᠭᠦᠢᠴᠡᠳ ᠪᠠᠶᠢᠬᠤ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ᠂ ᠠᠶᠤᠯᠬᠦᠢ ᠤᠤᠭᠤᠬᠤ ᠤᠰᠤᠨ ᠤ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠨ᠎ᠠ᠃    ⒌ᠮᠠᠯ ᠠᠵᠤ ᠠᠬᠤᠢ ᠶᠢᠨ ᠮᠠᠰᠢᠨ ᠮᠧᠬᠠᠨᠢᠭ᠄ ᠨᠢᠭᠡ ᠰᠠᠭᠤᠷᠢ ᠮᠠᠯ ᠠᠵᠤ ᠠᠬᠤᠢ ᠶᠢᠨ ᠮᠠᠰᠢᠨ ᠤ ᠬᠥᠮᠥᠷᠭᠡ ᠲᠠᠢ᠂ ᠭᠤᠣᠯ ᠪᠣᠯᠬᠤ ᠦᠢᠯᠡᠳᠪᠦᠷᠢᠯᠡᠯ ᠤᠨ ᠲᠥᠬᠦᠭᠡᠷᠦᠮᠵᠢ ᠨᠢ ᠨᠡᠯᠢᠶᠡᠳ ᠪᠦᠷᠢᠨ ᠭᠦᠢᠴᠡᠳ ᠪᠠᠶᠢᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ᠂ ᠣᠶᠤᠨᠴᠢ ᠪᠠᠷ ᠮᠠᠯᠵᠢᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠷᠠᠺᠲ᠋ᠣᠷ᠂ ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ᠂ ᠡᠪᠡᠰᠤ ᠪᠤᠷᠳᠤᠭ᠎ᠠ ᠰᠠᠴᠤᠬᠤ ᠮᠠᠰᠢᠨ᠂ ᠰᠢᠲᠠᠭᠠᠯᠭ᠎ᠠ ᠶᠢᠨ ᠲᠤᠰᠤᠨ ᠤ ᠬᠥᠳᠡᠯᠭᠡᠭᠦᠷ ᠮᠠᠰᠢᠨ ᠵᠡᠷᠭᠡ ᠲᠠᠢ ᠪᠠᠶᠢᠬᠤ ᠬᠡᠷᠡᠭᠲᠡᠢ᠃ ᠡᠭᠦᠨ ᠳᠤ ᠬᠠᠳᠤᠬᠤ᠂ ᠪᠣᠭᠤᠵᠢᠯᠠᠬᠤ᠂ ᠵᠥᠭᠡᠭᠡᠪᠦᠷᠢᠯᠡᠬᠦ ᠵᠡᠷᠭᠡ ᠮᠠᠰᠢᠨ ᠲᠥᠬᠦᠭᠡᠷᠦᠮᠵᠢ ᠶᠢ ᠪᠦᠷᠢᠳᠦᠭᠦᠯᠬᠦ ᠬᠡᠷᠡᠭᠲᠡᠢ᠃ ᠶᠡᠷᠦᠩᠬᠡᠢ ᠬᠥᠳᠡᠯᠭᠡᠬᠦ ᠬᠦᠴᠦ ᠨᠢ 100kw-150kw᠎ ᠤᠨ ᠬᠤᠭᠤᠷᠣᠨᠳᠤ ᠪᠠᠶᠢᠵᠤ᠂ ᠢᠵᠢ ᠪᠦᠷᠢᠳᠦᠭᠦᠯᠬᠦ ᠬᠠᠷᠢᠴᠠᠯ ᠨᠢ 1᠄ 2 ᠪᠣᠯᠣᠨ᠎ᠠ᠃ ᠬᠠᠳᠤᠯᠠᠩ ᠪᠡᠯᠴᠢᠭᠡᠷ ᠪᠠᠶᠢᠬᠤ ᠦᠭᠡᠢ ᠪᠣᠯ ᠬᠠᠳᠤᠯᠠᠩ ᠬᠠᠳᠤᠬᠤ ᠬᠠᠮᠢᠶ᠎ᠠ ᠪᠦᠬᠦᠢ ᠲᠥᠬᠦᠭᠡᠷᠦᠮᠵᠢ ᠲᠣᠬᠢᠷᠠᠭᠤᠯᠬᠤ ᠴᠢᠬᠤᠯᠠ ᠦᠭᠡᠢ᠃    ⒍ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ᠄ ᠨᠢᠭᠡ ᠰᠠᠭᠤᠷᠢ ᠡᠪᠡᠰᠦ ᠬᠠᠳᠠᠭᠠᠯᠠᠬᠤ ᠰᠠᠷᠠᠪᠴᠢ᠂ ᠨᠢᠭᠡ ᠰᠠᠭᠤᠷᠢ ᠲᠡᠵᠢᠭᠡᠯ ᠪᠣᠷᠳᠤᠭ᠎ᠠ ᠶᠢᠨ ᠬᠥᠮᠥᠷᠭᠡ ᠲᠠᠢ ᠪᠠᠶᠢᠬᠤ ᠬᠡᠷᠡᠭᠳᠡᠢ᠃ ᠡᠪᠦᠯᠵᠢᠬᠦ ᠮᠠᠯ ᠳᠤ ᠬᠤᠨᠢᠴᠢᠯᠠᠭᠰᠠᠨ ᠨᠢᠭᠡᠴᠢ ᠪᠠᠷ ᠳᠤᠮᠳᠠᠴᠢ ᠪᠠᠷ ᠬᠥᠬᠡ ᠡᠪᠡᠰᠦ ᠶᠢ 200 ᠺᠢᠯᠣᠭ᠍ᠷᠠᠮ ︵3 ᠺᠢᠯᠣᠭ᠍ᠷᠠᠮ ᠬᠥᠬᠡ ᠳᠠᠷᠤᠰᠢ ᠶᠢ 1 ᠺᠢᠯᠣᠭ᠍ᠷᠠᠮ ᠬᠥᠬᠡ ᠡᠪᠡᠰᠦ ᠪᠠᠷ ᠨᠤᠭᠤᠯᠤᠨ ᠪᠤᠳᠤᠨ᠎ᠠ︶  ᠎ ᠠᠴᠠ ᠳᠡᠭᠡᠭᠰᠢ᠂ ᠪᠣᠷᠳᠤᠭ᠎ᠠ ᠶᠢ 30 ᠺᠢᠯᠣᠭ᠍ᠷᠠᠮ ᠠᠴᠠ ᠳᠡᠭᠡᠭᠰᠢ ᠨᠥᠭᠡᠴᠡᠯᠡᠨ᠎ᠡ᠃ ᠨᠣᠭᠤᠭᠠᠨ ᠳᠠᠷᠤᠰᠢ᠄ ᠨᠣᠭᠤᠭᠠᠨ ᠳᠠᠷᠤᠰᠢ ᠶᠢᠨ ᠲᠠᠷᠢᠶᠠᠨ ᠳᠤ ᠨᠢᠭᠡ ᠰᠠᠭᠤᠷᠢ ᠨᠣᠭᠤᠭᠠᠨ ᠳᠠᠷᠤᠰᠢ ᠶᠢᠨ ᠵᠣᠭᠤᠷᠢ ᠪᠠᠶᠢᠬᠤ ᠬᠡᠷᠡᠭᠲᠡᠢ᠂ ᠨᠠᠷᠢᠯᠢᠭ ᠪᠣᠷᠳᠤᠭ᠎ᠠ ᠶᠢ ᠡᠳᠦᠷ ᠤᠨ ᠲᠡᠵᠢᠭᠡᠬᠦ ᠬᠡᠮᠵᠢᠶ᠎ᠡ᠂ ᠲᠡᠵᠢᠭᠡᠬᠦ ᠡᠳᠦᠷ ᠤᠨ ᠲᠤᠭ᠎ᠠ ᠪᠠᠷ ᠠᠰ ᠲᠤᠨᠢ ᠪᠣᠳᠣᠨ᠎ᠠ᠃    ︵ᠳᠦᠷᠪᠡ︶ ᠠᠮᠢᠳᠤᠷᠠᠯ ᠤᠨ ᠨᠥᠬᠦᠴᠡᠯ    ⒈ᠣᠷᠣᠨ ᠰᠠᠭᠤᠴᠠ᠄ ᠸᠠᠭᠠᠷ ᠲᠣᠭᠤᠰᠬ᠎ᠠ ᠶᠢᠨ ᠪᠦᠲᠦᠴᠡ᠂ ᠳᠤᠯᠠᠭᠠᠯᠠᠭ᠎ᠠ ᠶᠢᠨ ᠬᠤᠭᠤᠯᠠᠢ ᠪᠠᠷ ᠳᠤᠯᠠᠭᠠᠯᠠᠭ᠎ᠠ ᠬᠠᠩᠭᠠᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠲᠠᠯᠠᠪᠠᠶ ᠨᠢ 30 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠣᠷᠣᠨ ᠰᠠᠭᠤᠴᠠ ᠵᠢᠴᠢ ᠳᠠᠭᠠᠯᠲᠠ ᠳᠦᠬᠦᠭᠡᠷᠦᠮᠵᠢ ᠶᠢᠨ ᠲᠠᠯᠠᠪᠠᠶ ᠨᠢ ᠨᠡᠶᠢᠲᠡ 600 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠢ᠃ ᠮᠠᠯᠵᠢᠬᠤ ᠡᠷᠦᠬᠡ ᠨᠢ 600 ᠳᠡᠭᠰᠢ ᠳᠥᠷᠪᠡᠯᠵᠢᠨ ᠮᠧᠲᠷ ᠪᠣᠯᠤᠨ ᠨᠢᠭᠡ ᠡᠷᠦᠬᠡ ᠨᠢᠭᠡ ᠰᠠᠭᠤᠴᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠣᠷᠣᠨ ᠰᠠᠭᠤᠴᠠ ᠶᠢᠨ ᠭᠠᠵᠠᠷ ᠢᠶᠠᠨ ᠬᠢᠨᠠᠨ ᠵᠥᠪᠰᠢᠶᠡᠷᠡᠭᠰᠡᠨ ᠦᠭᠡᠢ ᠪᠠᠷ ᠤᠷᠢᠳᠠᠪᠠᠷ ᠪᠠᠷᠢᠬᠤ᠂ ᠲᠠᠯᠠᠪᠠᠢ ᠠᠴᠠ ᠬᠡᠲᠦᠷᠡᠭᠦᠯᠦᠨ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ᠃    ⒉ ᠴᠠᠬᠢᠯᠭᠠᠨ᠄ ᠪᠠᠶᠢᠩᠭᠤ ᠶᠢᠨ ᠴᠠᠬᠢᠯᠭᠠᠨ ᠲᠠᠢ ᠪᠤᠶᠤ ᠰᠠᠯᠬᠢᠨ ᠡᠨᠧᠷᠭᠢ᠂ ᠨᠡᠷᠡᠨ ᠡᠨᠧᠷᠭᠢ ᠪᠤᠶᠤ ᠨᠠᠷᠠ ᠰᠠᠯᠬᠢᠨ ᠤ ᠬᠠᠷᠢᠯᠴᠠᠨ ᠨᠥᠬᠦᠪᠦᠷᠢᠯᠡᠬᠦ ᠴᠠᠬᠢᠯᠭᠠᠨ ᠭᠠᠷᠭᠠᠬᠤ ᠲᠥᠬᠦᠭᠡᠷᠦᠮᠵᠢ ᠲᠠᠢ ᠪᠠᠶᠢᠵᠤ᠂  ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠴᠡᠪᠡᠷ ᠡᠨᠧᠷᠭᠢ ᠶᠢ ᠬᠡᠷᠡᠭᠯᠡᠨ᠎ᠡ᠃ ᠴᠠᠬᠢᠯᠭᠠᠨ ᠬᠠᠩᠭᠠᠬᠤ ᠲᠥᠬᠦᠭᠡᠷᠦᠮᠵᠢ ᠨᠢ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠡᠷᠬᠡᠪᠰᠢ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠬᠠᠩᠭᠠᠭᠰᠠᠨ ᠪᠠᠶᠢᠬᠤ ᠬᠡᠷᠡᠭᠲᠡᠢ     ⒊ ᠮᠡᠳᠡᠭᠡ ᠵᠠᠩᠭᠢ᠄ ᠦᠨᠳᠦᠰᠦᠨ ᠮᠡᠳᠡᠭᠡ ᠬᠤᠯᠪᠣᠭᠠᠨ ᠤ ᠲᠥᠬᠦᠭᠡᠷᠦᠮᠵᠢ ᠪᠤᠶᠤ ᠨᠢᠭᠡ ᠺᠣᠮᠫᠢᠦ᠋ᠲ᠋ᠧᠷ ᠲᠠᠢ ᠪᠠᠶᠢᠵᠤ᠂ ᠤᠲᠠᠰᠤ ᠦᠭᠡᠢ ᠰᠦᠯᠵᠢᠶᠡᠨ ᠤ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠭᠠᠳᠠᠭᠠᠳᠤ ᠣᠷᠴᠢᠨ ᠤ ᠮᠡᠳᠡᠭᠡ ᠵᠠᠩᠭᠢ ᠶᠢ ᠬᠡᠪ ᠤᠨ ᠪᠠᠶᠢᠳᠠᠯ ᠢᠶᠠᠷ ᠬᠦᠯᠢᠶᠡᠨ ᠠᠪᠴᠤ ᠴᠢᠳᠠᠭᠰᠠᠨ ᠪᠠᠶᠢᠬᠤ ᠬᠡᠷᠡᠭᠳᠡᠢ᠃    ⒋ᠭᠡᠷ ᠪᠦᠯᠢ ᠶᠢᠨ ︽ᠭᠠᠷ ᠤᠨ ᠠᠶ᠎ᠠ ᠪᠠᠷ ᠲᠡᠮᠳᠡᠭᠯᠡᠬᠦ︾ ᠵᠥᠭᠡᠯᠡᠨ ᠲᠣᠨᠤᠭ ᠢ ᠪᠠᠭᠤᠯᠭᠠᠨ ᠠᠪᠴᠤ ᠬᠡᠷᠡᠭᠯᠡᠪᠡᠯ ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠪᠦᠷᠢᠨ ᠪᠦᠲᠦᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠣᠭᠠᠴᠠᠭ᠎ᠠ ᠬᠢᠬᠦ ᠶᠢ ᠳᠡᠮᠳᠡᠭᠯᠡᠵᠦ ᠴᠢᠳᠠᠨ᠎ᠠ᠃    ⒌ ᠵᠠᠮ ᠬᠠᠷᠢᠯᠴᠠᠭ᠎ᠠ᠄ ᠨᠢᠭᠡ ᠠᠴᠠ ᠳᠡᠭᠡᠭᠰᠢ ᠵᠠᠮ ᠬᠠᠷᠢᠯᠴᠠᠭᠠᠨ ᠤ ᠪᠠᠭᠠᠵᠢ ᠲᠠᠢ ᠪᠠᠶᠢᠬᠤ ᠬᠡᠷᠡᠭᠳᠡᠢ᠃    ⒍ ᠤᠤᠭᠤᠬᠤ ᠤᠰᠤ᠄ ᠬᠥᠮᠥᠨ ᠤ ᠬᠡᠷᠡᠭᠯᠡᠬᠦ ᠤᠤᠭᠤᠬᠤ ᠤᠰᠤ ᠶᠢ ᠡᠷᠬᠡᠪᠰᠢ ᠴᠡᠪᠡᠷᠰᠢᠭᠦᠯᠵᠦ᠂ ᠹᠯᠣᠷ ᠦᠭᠡᠢ ᠪᠠᠷ ᠰᠢᠢᠳᠪᠦᠷᠢᠯᠡᠬᠦ ᠬᠡᠷᠡᠭᠲᠡᠢ᠃    ⒎ ᠣᠷᠴᠢᠨ ᠲᠣᠭᠤᠷᠢᠨ᠄ ᠦᠢᠯᠡᠳᠪᠦᠷᠢᠯᠡᠯ᠂ ᠠᠮᠢᠳᠤᠷᠠᠯ ᠤᠨ ᠳᠦᠬᠦᠭᠡᠷᠦᠮᠵᠢ ᠶᠢᠨ ᠪᠠᠶᠢᠷᠢᠯᠠᠭᠤᠯᠤᠯᠲᠠ ᠨᠢ ᠵᠦᠢ ᠵᠣᠬᠢᠰᠲᠠᠢ ᠪᠠᠶᠢᠵᠤ᠂ ᠠᠯᠢ ᠴᠢᠳᠠᠬᠤ ᠪᠠᠷ ᠠᠮᠢᠳᠤᠷᠠᠯ ᠤᠨ ᠲᠣᠭᠤᠷᠢᠭ᠂ ᠮᠠᠯ ᠮᠠᠯᠵᠢᠬᠤ ᠲᠣᠭᠤᠷᠢᠭ ᠢ ᠰᠠᠯᠭᠠᠬᠤ ᠶᠢ ᠪᠡᠶᠡᠯᠡᠭᠦᠯᠵᠦ᠂ ᠬᠤᠭᠤᠷᠣᠨᠳᠤ ᠪᠠᠨ 30 ︱ 50 ᠮᠧᠲᠷ ᠵᠠᠶᠢᠲᠠᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠪᠠᠷ ᠥᠨᠳᠥᠷ᠂ ᠠᠷᠢᠭᠤᠨ ᠴᠡᠪᠡᠷ ᠤᠨ ᠵᠣᠷᠯᠣᠩ ᠲᠠᠢ ᠪᠠᠶᠢᠬᠤ ᠬᠡᠷᠡᠭᠲᠡᠢ᠃     ︵ᠲᠠᠪᠤ︶ ᠦᠢᠯᠡᠳᠪᠦᠷᠢᠯᠡᠯ ᠤᠨ ᠬᠠᠮᠢᠶᠠᠷᠤᠯᠲᠠ     ⒈ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠨ᠂ ᠤᠯᠠᠷᠢᠯ ᠤᠨ ᠴᠢᠨᠠᠷᠲᠠᠢ ᠪᠠᠷ ᠡᠭᠡᠯᠵᠢᠯᠡᠨ ᠮᠠᠯᠵᠢᠬᠤ᠂ ᠰᠡᠯᠬᠦᠨ ᠮᠠᠯᠵᠢᠬᠤ ᠵᠢᠴᠢ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠨᠥᠬᠦᠵᠦ ᠲᠠᠷᠢᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠤᠲᠤᠭ ᠪᠡᠯᠴᠢᠭᠡᠷ ᠢ ᠵᠦᠢ ᠵᠣᠬᠢᠰᠲᠠᠢ ᠪᠠᠷ ᠠᠰᠢᠭᠯᠠᠨ᠎ᠠ᠃ ᠪᠠᠶᠢᠭᠠᠯᠢᠯᠢᠭ ᠬᠠᠳᠤᠯᠠᠩ ᠪᠡᠯᠴᠢᠭᠡᠷ ᠢ ᠲᠥᠯᠥᠪᠯᠡᠭᠡ ᠲᠠᠢ ᠪᠠᠷ ᠡᠭᠡᠯᠵᠢᠯᠡᠨ ᠬᠠᠳᠤᠵᠤ᠂  ᠪᠡᠯᠴᠢᠭᠡᠷ ᠰᠡᠷᠭᠦᠬᠦ ᠴᠠᠭ ᠪᠠ ᠣᠷᠣᠨ ᠵᠠᠢ ᠶᠢ ᠪᠠᠲᠤᠯᠠᠵᠤ᠂ ᠲᠣᠭᠲᠠᠭᠤᠨ ᠪᠥᠭᠡᠳ ᠦᠷᠭᠦᠯᠵᠢᠯᠡᠭᠰᠡᠨ ᠡᠪᠡᠰᠦᠨ ᠤ ᠭᠠᠷᠤᠯᠲᠠ ᠶᠢ ᠪᠠᠲᠤᠯᠠᠬᠤ ᠬᠡᠷᠡᠭᠲᠡᠢ᠃     ⒉ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠰᠢᠯᠵᠢᠬᠦᠯᠬᠦ ᠨᠤᠲᠤᠭ ᠪᠡᠯᠴᠢᠭᠡᠷ ᠨᠢ ᠲᠥᠪᠯᠡᠷᠡᠨ ᠵᠠᠯᠭᠠᠯᠳᠤᠭᠰᠠᠨ ᠪᠠᠶᠢᠵᠤ᠂ ᠬᠠᠤᠯᠢ ᠶᠣᠰᠣᠭᠠᠷ ᠬᠡᠷᠡᠭᠯᠡᠬᠦ ᠬᠤᠭᠤᠴᠠᠭ᠎ᠠ ᠬᠢᠵᠠᠭᠠᠷ ᠨᠢ 5 ᠵᠢᠯ ᠠᠴᠠ ᠳᠡᠭᠡᠭᠰᠢ ᠪᠠᠶᠢᠵᠤ ᠂ ᠣᠬᠤᠷ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠲᠠᠯᠬᠢᠲᠠᠯ ᠤᠨ ᠴᠢᠨᠠᠷᠲᠠᠢ ᠪᠠᠷ ᠬᠡᠷᠡᠭᠯᠡᠬᠦ ᠶᠢ ᠰᠡᠷᠭᠡᠶᠢᠯᠡᠨ᠎ᠡ᠃     ⒊ ᠮᠠᠯ ᠰᠦᠷᠦᠭ ᠤᠨ ᠡᠭᠦᠯᠳᠡᠷ ᠢ ᠰᠢᠯᠢᠳᠡᠭᠵᠢᠭᠦᠯᠵᠦ᠂ ᠮᠠᠯ ᠰᠦᠷᠦᠭ ᠤᠨ ᠪᠦᠲᠦᠴᠡ᠂ ᠡᠷᠭᠢᠯᠲᠡ ᠶᠢ ᠵᠦᠢ ᠵᠣᠬᠢᠰᠲᠠᠢ ᠪᠠᠶᠢᠯᠭᠠᠵᠤ᠂ ᠠᠷᠠᠴᠢᠯᠠᠭ᠎ᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠶᠠᠪᠤᠭᠳᠠᠭᠤᠯᠤᠨ᠎ᠠ᠃     ⒋ᠡᠪᠦᠯ ᠤᠨ ᠬᠤᠷᠠᠭ᠎ᠠ ᠲᠤᠰᠬᠤ᠂ ᠬᠠᠪᠤᠷ ᠤᠨ ᠡᠷᠲᠡ ᠶᠢᠨ ᠬᠤᠷᠠᠭ᠎ᠠ᠂ ᠮᠢᠬᠠᠨ ᠤ ᠦᠬᠡᠷ ᠲᠤ ᠢᠴᠡᠭᠡᠯ ᠦᠷ᠎ᠡ ᠶᠢᠨ ᠬᠡᠭᠡᠯᠳᠦᠬᠦᠯᠭᠡ ᠬᠢᠬᠦ᠂ ᠪᠣᠷᠳᠣᠵᠤ ᠲᠠᠷᠭᠤᠯᠠᠭᠤᠯᠬᠤ ᠠᠷᠭ᠎ᠠ ᠬᠡᠯᠪᠡᠷᠢ ᠶᠢ ᠬᠡᠷᠡᠭᠯᠡᠨ᠎ᠡ᠃  ᠡᠪᠦᠯ ᠬᠠᠪᠤᠷ ᠡᠪᠡᠰᠦ ᠪᠣᠷᠳᠤᠭ᠎ᠠ ᠪᠠᠷ ᠲᠡᠵᠢᠭᠡᠬᠦ᠂ ᠪᠢᠴᠢᠯ ᠡᠯᠧᠮᠧᠨ᠋ᠲ ᠨᠡᠮᠡᠬᠦ᠂ ᠬᠡᠪᠳᠡᠯᠭᠡ ᠶᠢ ᠳᠤᠯᠠᠭᠠᠯᠠᠬᠤ ᠵᠡᠷᠭᠡ ᠬᠡᠷᠡᠭᠯᠡᠭᠡᠨ ᠤ ᠮᠡᠷᠭᠡᠵᠢᠯ ᠢ ᠬᠡᠷᠡᠭᠯᠡᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ⒌ ᠭᠤᠣᠯ ᠲᠡᠵᠢᠭᠡᠬᠦ ᠮᠠᠯ ᠤᠨ ᠡᠭᠦᠯᠳᠡᠷ ᠨᠢ ᠪᠦᠬᠦ ᠮᠠᠯ ᠤᠨ ᠲᠤᠭ᠎ᠠ ᠲᠣᠯᠣᠭᠠᠢ ᠶᠢᠨ 90%᠎ ᠠᠴᠠ ᠳᠡᠭᠡᠭᠰᠢᠬᠢ ᠶᠢ ᠡᠵᠡᠯᠡᠬᠦ ᠬᠡᠷᠡᠭᠳᠡᠢ ᠪᠥᠭᠡᠳ ᠨᠢᠭᠡ ᠯᠡ ᠡᠭᠦᠯᠳᠡᠷ ᠤᠨ ᠮᠠᠯ ᠪᠠᠶᠢᠬᠤ ᠬᠡᠷᠡᠭᠳᠡᠢ᠃    ⒍ᠪᠦᠬᠦ ᠮᠠᠯ ᠳᠤ ᠴᠥᠮ ᠡᠭᠡᠮᠦᠭ ᠵᠡᠭᠦᠯᠭᠡᠨ᠂ ᠪᠦᠷᠢᠳᠬᠡᠨ ᠳᠡᠩᠰᠡᠯᠡᠵᠦ᠂ ᠡᠭᠦᠯᠳᠡᠷ ᠤᠨ ᠤᠳᠤᠮᠯᠠᠯ ᠪᠠ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠠᠩᠰᠠ ᠡᠪᠬᠡᠮᠡᠯ ᠢ ᠰᠠᠶᠢᠲᠤᠷ ᠬᠢᠵᠦ᠂ ᠮᠠᠯ ᠤᠨ  ᠡᠭᠦᠯᠳᠡᠷ ᠢ ᠮᠦᠷᠲᠡᠬᠦ ᠰᠢᠰᠲ᠋ᠧᠮ ᠳᠤ ᠠᠯᠬᠤᠮ ᠠᠯᠬᠤᠮ ᠢᠶᠠᠷ ᠣᠷᠣᠭᠤᠯᠤᠨ᠎ᠠ᠃     ⒎ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠳᠤ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠴᠠᠭᠠᠵᠠ ᠳᠦᠷᠢᠮ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠶᠣᠰᠣᠭᠠᠷ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ᠂ ᠠᠷᠢᠭᠤᠳᠬᠠᠬᠤ᠂ ᠤᠰᠠᠳᠬᠠᠬᠤ ᠶᠢ ᠬᠠᠷᠢᠯᠴᠠᠨ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠠᠯᠪᠠᠳᠠᠯᠭ᠎ᠠ ᠪᠠ ᠲᠥᠯᠥᠪᠯᠡᠭᠡᠲᠦ ᠲᠠᠷᠢᠯᠭ᠎ᠠ ᠶᠢ ᠰᠠᠨᠠᠭᠠᠴᠢᠯᠠᠭ᠎ᠠ ᠎ ᠠᠴᠠ ᠪᠠᠨ ᠬᠡᠷᠡᠭᠵᠢᠭᠦᠯᠵᠦ᠂ ᠬᠠᠪᠤᠷ ᠨᠠᠮᠤᠷ ᠬᠤᠶᠠᠷ ᠤᠯᠠᠷᠢᠯ ᠳᠤ ᠰᠢᠮᠡᠭᠦᠷ ᠬᠤᠷᠣᠬᠠᠢ ᠶᠢᠨ ᠲᠠᠷᠢᠯᠭ᠎ᠠ ᠶᠢ ᠴᠠᠭ ᠎ ᠲᠤᠨᠢ ᠲᠣᠬᠢᠷᠠᠭᠤᠯᠤᠨ ᠬᠢᠵᠦ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠪᠠ ᠬᠥᠮᠥᠨ ᠮᠠᠯ ᠳᠤ ᠪᠦᠷ ᠲᠤᠰᠳᠠᠭ ᠣᠷᠣᠨ ᠨᠤᠲᠤᠭ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ⒏ ᠮᠠᠯ ᠮᠠᠯᠵᠢᠬᠤ ᠣᠷᠤᠨ ᠲᠠᠢ ᠵᠣᠬᠢᠴᠠᠭᠰᠠᠨ ᠮᠠᠯ ᠤᠨ ᠢᠯᠭᠠᠳᠠᠰᠤ ᠶᠢ ᠣᠪᠣᠭᠠᠯᠠᠬᠤ ᠲᠣᠭᠲᠠᠮᠠᠯ ᠭᠠᠵᠠᠷ ᠲᠠᠢ ᠪᠠᠶᠢᠬᠤ ᠬᠡᠷᠡᠭᠳᠡᠢ᠃      ⒐ᠮᠠᠯᠵᠢᠯ ᠤᠨ ᠲᠠᠯᠠᠪᠠᠶ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠠᠩᠰᠠ ᠪᠤᠳᠤᠵᠤ ᠮᠠᠯ ᠲᠡᠵᠢᠭᠡᠬᠦ ᠶᠢ ᠰᠠᠶᠢᠲᠤᠷ ᠬᠢᠬᠦ ᠬᠡᠷᠡᠭᠲᠡᠢ᠂ ᠠᠭᠤᠯᠭ᠎ᠠ ᠳᠤ᠄ ᠮᠠᠯᠵᠢᠯ ᠤᠨ ᠲᠠᠯᠠᠪᠠᠶ ᠶᠢᠨ ᠠᠵᠢᠯᠲᠠᠨ ᠤ ᠪᠦᠲᠦᠴᠡ᠂ ᠪᠡᠯᠡᠳᠬᠡᠮᠵᠢ ᠲᠥᠬᠦᠭᠡᠷᠦᠮᠵᠢ᠂ ᠵᠢᠯ ᠤᠨ ᠲᠡᠵᠢᠭᠡᠨ ᠦᠷᠡᠵᠢᠭᠦᠯᠦᠭᠰᠡᠨ ᠪᠠᠶᠢᠳᠠᠯ᠂ ᠡᠪᠡᠰᠦ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠭᠰᠡᠨ ᠪᠠᠶᠢᠳᠠᠯ᠂ ᠮᠠᠯ ᠤᠨᠤᠭ᠎ᠠ ᠶᠢ ᠬᠤᠳᠠᠯᠳᠤᠭᠰᠠᠨ᠂ ᠬᠤᠳᠠᠯᠳᠤᠨ ᠠᠪᠤᠭᠰᠠᠨ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠭᠰᠠᠨ ᠪᠠᠶᠢᠳᠠᠯ ᠪᠤᠯᠤᠨ ᠮᠠᠯᠵᠢᠯ ᠤᠨ ᠲᠠᠯᠠᠪᠠᠶ ᠶᠢᠨ ᠣᠷᠣᠯᠭ᠎ᠠ᠂ ᠵᠠᠷᠤᠯᠭ᠎ᠠ ᠶᠢᠨ ᠲᠡᠮᠳᠡᠭᠯᠡᠯ ᠪᠠᠭᠲᠠᠨ᠎ᠠ᠃     ⒑ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠤᠨᠴᠠᠭᠠᠢ ᠴᠢᠨᠠᠷ ᠢ ᠦᠨᠳᠦᠰᠦᠯᠡᠨ᠂ ᠴᠢᠩᠭ᠎ᠠ ᠨᠢᠮᠪᠠᠢ ᠲᠡᠵᠢᠭᠡᠨ ᠠᠷᠠᠴᠢᠯᠠᠬᠤ ᠠᠴᠠ ᠭᠠᠳᠠᠨ᠎ᠠ᠂ ᠰᠠᠭᠠᠯᠢ ᠶᠢᠨ ᠦᠨᠢᠶ᠎ᠡ ᠲᠡᠵᠢᠭᠡᠨ ᠠᠷᠠᠴᠢᠯᠠᠬᠤ ᠬᠠᠮᠢᠶᠠᠷᠤᠯᠲᠠ ︵ᠰᠠᠭᠠᠯᠢ ᠎ ᠶᠢᠨ ᠬᠤᠭᠤᠴᠠᠭ᠎ᠠ︶ ᠵᠢᠴᠢ ᠴᠢᠬᠤᠯᠠ ᠪᠦᠬᠦᠢ ᠡᠳᠦᠷ ᠲᠤᠳᠤᠮ ᠤᠨ ᠬᠠᠮᠢᠶᠠᠷᠤᠯᠲᠠ ︵ᠳᠤᠯᠠᠭᠠᠨ ᠤ ᠬᠡᠮᠵᠢᠶ᠎ᠡ ᠶᠢ ᠬᠢᠵᠠᠭᠠᠷᠯᠠᠬᠤ᠂ ᠦᠬᠡᠷ ᠤᠨ ᠬᠠᠰᠢᠶ᠎ᠠ ᠰᠠᠷᠠᠪᠴᠢ ᠶᠢ ᠴᠡᠪᠡᠷᠯᠡᠬᠦ᠂ ᠪᠡᠯᠴᠢᠭᠡᠷᠯᠡᠬᠦᠯᠬᠦ᠂ ᠲᠤᠭᠤᠷᠠᠢ ᠠᠷᠠᠴᠢᠯᠠᠬᠤ︶᠎ ᠶᠢ ᠴᠢᠬᠤᠯᠠᠴᠢᠯᠠᠨ ᠴᠢᠩᠭᠠᠳᠬᠠᠬᠤ ᠬᠡᠷᠡᠭᠲᠡᠢ᠃     ᠭᠤᠷᠪᠠᠳᠤᠭᠠᠷ ᠪᠦᠯᠦᠭ  ᠦᠨᠡᠯᠡᠨ ᠲᠣᠭᠲᠠᠭᠠᠯᠭᠠᠬᠤ ᠪᠠᠷ ᠮᠡᠳᠡᠭᠦᠯᠬᠦ ᠳᠠᠷᠠᠭᠠᠯᠠᠯ     ᠨᠠᠢᠮᠠᠳᠤᠭᠠᠷ ᠵᠦᠢᠯ   ᠮᠠᠯᠵᠢᠬᠤ ᠡᠷᠦᠬᠡ ᠭᠠᠴᠠᠭᠠᠨ ᠵᠥᠪᠯᠡᠯ ᠳᠤ ᠪᠠᠨ ᠡᠷᠡᠮᠡᠯᠵᠡᠯᠡᠯ ᠳᠡᠪᠰᠢᠭᠦᠯᠵᠦ᠂ ᠰᠤᠮᠤ ᠪᠠᠯᠭᠠᠰᠤ ᠠᠴᠠ ᠬᠢᠨᠠᠨ ᠬᠠᠷᠭᠤᠭᠤᠯᠵᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ  ᠲᠥᠭᠡᠮᠡᠯᠵᠢᠭᠦᠯᠬᠦ ᠲᠥᠪ ᠠᠴᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠵᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠵᠤ ᠦᠨᠡᠯᠡᠨ ᠲᠣᠭᠲᠠᠭᠠᠨ᠎ᠠ᠃ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠪᠥᠬᠦ ᠬᠤᠰᠢᠭᠤᠨ ᠤ ᠬᠡᠪᠴᠢᠶᠡᠨ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠦᠨᠡᠯᠡᠨ ᠲᠤᠭᠲᠠᠭᠠᠭᠰᠠᠨ ᠦᠨᠡᠮᠯᠡᠯ ᠪᠤᠶᠤ ᠫᠠᠶᠢᠰᠠ ᠣᠯᠭᠤᠨ᠎ᠠ᠃     ᠳᠥᠷᠪᠡᠳᠦᠭᠡᠷ ᠪᠦᠯᠦᠭ   ᠮᠡᠳᠡᠭᠦᠯᠬᠦ ᠮᠠᠲ᠋ᠧᠷᠢᠶᠠᠯ     ᠶᠢᠰᠦᠳᠦᠭᠡᠷ ᠵᠦᠢᠯ   ᠭᠡᠷ ᠪᠦᠯᠢ ᠶᠢᠨ ᠮᠠᠯᠵᠢᠯ ᠤᠨ ᠲᠠᠯᠠᠪᠠᠢ ᠮᠡᠳᠡᠭᠦᠯᠬᠦ ᠮᠠᠯᠵᠢᠬᠤ ᠡᠷᠥᠭᠡ ᠨᠢ ᠡᠷᠬᠡᠪᠰᠢ ᠳᠣᠣᠷᠠᠬᠢ ᠮᠡᠳᠡᠭᠦᠯᠬᠦ ᠮᠠᠲ᠋ᠧᠷᠢᠶᠡᠯ ᠢ ᠪᠥᠷᠢᠯᠳᠦᠬᠦᠯᠵᠦ ᠥᠭᠬᠦ ᠬᠡᠷᠡᠭᠲᠡᠢ᠄     ︵ᠨᠢᠭᠡ︶ ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠷᠡᠮᠡᠯᠵᠡᠯᠡᠬᠦ ᠬᠦᠰᠦᠨᠦᠭᠲᠦ ᠭᠤᠷᠪᠠᠨ ᠬᠤᠪᠢ᠃     ︵ᠬᠤᠶᠠᠷ︶ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠷᠦᠬᠡ ᠶᠢᠨ ᠡᠵᠡᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ ᠭᠤᠷᠪᠠᠨ ᠬᠤᠪᠢ᠃     ︵ᠭᠤᠷᠪᠠ︶ ᠨᠤᠲᠤᠭ ᠪᠡᠯᠴᠢᠭᠡᠷ ᠢ ᠳᠠᠭᠠᠭᠠᠴᠢᠯᠠᠭᠤᠯᠤᠭᠰᠠᠨ᠂ ᠰᠢᠯᠵᠢᠬᠦᠯᠦᠭᠰᠡᠨ ᠭᠡᠷ᠎ᠡ ᠪᠢᠴᠢᠭ ᠤᠨ ᠤᠭ ᠮᠠᠲ᠋ᠧᠷᠢᠶᠠᠯ ᠪᠠ ᠬᠠᠭᠤᠯᠪᠤᠷᠢ ᠭᠤᠷᠪᠠᠨ ᠬᠤᠪᠢ᠃     ︵ᠳᠥᠷᠪᠡ︶ ᠠᠮᠢᠳᠤᠷᠠᠯ ᠤᠨ ᠲᠣᠭᠤᠷᠢᠭ᠂ ᠦᠢᠯᠡᠳᠪᠦᠷᠢᠯᠡᠯ ᠤᠨ ᠲᠣᠭᠤᠷᠢᠭ ᠵᠢᠴᠢ ᠲᠠᠷᠢᠶᠠᠯᠠᠩ ᠤᠨ ᠮᠠᠰᠢᠨ ᠮᠧᠬᠠᠨᠢᠭ᠂ ᠮᠠᠯ ᠰᠦᠷᠦᠭ᠂ ᠵᠠᠮ ᠬᠠᠷᠢᠯᠴᠠᠭᠠᠨ ᠤ ᠪᠠᠭᠠᠵᠢ ᠶᠢᠨ ᠬᠡᠷᠡᠯ ᠵᠢᠷᠤᠭ ᠲᠣᠰ ᠲᠣᠰ ᠭᠤᠷᠪᠠᠨ ᠬᠤᠪᠢ᠃     ᠲᠠᠪᠤᠳᠤᠭᠠᠷ ᠪᠦᠯᠦᠭ  ᠠᠵᠢᠯᠯᠠᠭᠠᠨ ᠤ ᠬᠠᠮᠢᠶᠠᠷᠤᠯᠲᠠ     ᠠᠷᠪᠠᠳᠤᠭᠠᠷ ᠵᠦᠢᠯ   ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ︽ᠨᠢᠭᠡ ᠵᠢᠯ ᠳᠤ ᠨᠢᠭᠡ ᠦᠨᠡᠯᠡᠨ ᠲᠤᠭᠲᠠᠭᠠᠬᠤ᠂ ᠭᠤᠷᠪᠠᠨ ᠵᠢᠯ ᠳᠤ ᠨᠢᠭᠡ ᠳᠠᠬᠢᠨ ᠬᠢᠨᠠᠬᠤ︾᠎ ᠶᠢ ᠬᠡᠷᠡᠭᠵᠢᠭᠦᠯᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠬᠢᠨᠠᠨ ᠬᠠᠷᠭᠤᠭᠤᠯᠬᠤ ᠠᠵᠢᠯ ᠢ ᠦᠨᠡᠯᠡᠨ ᠲᠤᠭᠲᠠᠭᠠᠬᠤ ᠪᠠᠷᠢᠮᠵᠢᠶ᠎ᠠ᠂ ᠦᠨᠡᠯᠡᠨ ᠲᠤᠭᠲᠠᠭᠠᠯᠭᠠᠬᠤ ᠪᠠᠷ ᠮᠡᠳᠡᠭᠦᠯᠬᠦ ᠲᠠᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠤᠨ᠎ᠠ᠃ ᠬᠢᠨᠠᠨ ᠬᠠᠷᠭᠤᠭᠤᠯᠵᠤ ᠪᠠᠲᠤᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠦᠨᠡᠯᠡᠨ ᠲᠤᠭᠲᠠᠭᠠᠭᠰᠠᠨ ᠦᠨᠡᠮᠯᠡᠯ︾ ᠳᠡᠭᠡᠷ᠎ᠡ ᠬᠢᠨᠠᠨ ᠬᠠᠷᠭᠤᠭᠤᠯᠵᠤ ᠪᠠᠲᠤᠯᠠᠭᠰᠠᠨ ᠭᠠᠷ ᠤᠨ ᠥᠰᠥᠭ ᠵᠢᠷᠤᠨ᠎ᠠ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠦᠨᠡᠯᠡᠨ ᠲᠤᠭᠲᠠᠭᠠᠭᠰᠠᠨ ᠦᠨᠡᠮᠯᠡᠯ  ︾᠎ ᠢ ᠨᠢ ᠬᠦᠴᠦᠨ ᠦᠭᠡᠢ ᠪᠣᠯᠭᠠᠨ᠎ᠠ᠃     ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠢᠷᠢ ᠬᠡᠮ ᠢ ᠨᠢ ᠬᠠᠰᠤᠨ᠎ᠠ᠄     ⒈ ᠮᠡᠳᠡᠭᠦᠯᠬᠦ ᠪᠠ ᠳᠠᠬᠢᠨ ᠬᠢᠨᠠᠬᠤ ᠶᠠᠪᠤᠴᠠ ᠳᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠬᠡᠮ ᠬᠢᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠲᠡᠭᠦᠨ ᠤ ᠨᠢᠭᠡᠨᠲᠡ ᠦᠨᠡᠯᠡᠨ ᠲᠣᠭᠲᠠᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃      ⒉ᠡᠵᠡᠩᠨᠡᠯᠲᠡ ᠶᠢᠨ ᠶᠠᠪᠤᠴᠠ ᠳᠤ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠥᠷᠢᠴᠡᠵᠦ ᠂ ᠬᠠᠤᠯᠢ ᠰᠠᠬᠢᠯᠭ᠎ᠠ ᠶᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠲᠡᠳᠡᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ ᠬᠠᠰᠤᠨ᠎ᠠ᠃      ⒊ᠡᠩ ᠤᠨ ᠪᠠᠶᠢᠳᠠᠯ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠬᠦᠢ ᠶᠢᠨ ᠠᠳᠡᠯ ᠪᠤᠶᠤ ᠶᠠᠰᠤ ᠴᠢᠨᠠᠷ ᠤᠨ ᠠᠶᠤᠯᠬᠦᠢ ᠶᠢᠨ ᠬᠦᠨᠳᠦ ᠶᠡᠭᠡ ᠠᠳᠡᠯ ᠭᠠᠷᠤᠭᠰᠠᠨ ᠪᠣᠯ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃       ᠠᠷᠪᠠᠨ ᠬᠤᠶᠠᠳᠤᠭᠠᠷ ᠵᠦᠢᠯ  ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠷᠦᠬᠡ ᠨᠢ ᠰᠤᠮᠤ ᠪᠠᠯᠭᠠᠰᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨᠠᠯᠲᠠ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠦᠨᠡᠯᠡᠨ ᠲᠣᠭᠲᠠᠭᠠᠭᠰᠠᠨ ᠤ ᠳᠠᠷᠠᠭᠠᠬᠢ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠵᠢᠯ ᠪᠦᠷᠢ ᠶᠢᠨ ᠬᠤᠶᠠᠳᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠤᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠣᠨ ᠤ ᠮᠡᠳᠡᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠵᠢᠯ ᠪᠦᠷᠢ ᠶᠢᠨ 6 ᠰᠠᠷ᠎ᠠ ᠶᠢᠨ 30᠎ ᠤ ᠡᠳᠦᠷ ᠠᠴᠠ ᠡᠮᠦᠨ᠎ᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ᠂ ᠳᠡᠭᠡᠷ᠎ᠡ ᠨᠢᠭᠡ ᠵᠢᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠶᠢᠨ ᠬᠠᠮᠲᠤ ᠨᠡᠶᠢᠲᠡᠯᠡᠨ᠎ᠡ᠃      ᠠᠷᠪᠠᠨ ᠭᠤᠷᠪᠠᠳᠤᠭᠠᠷ ᠵᠦᠢᠯ   ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠷᠢᠳᠬᠡᠨ ᠳᠠᠩᠰᠠᠯᠠᠭᠤᠯᠤᠭᠰᠠᠨ ᠵᠦᠢᠯᠡᠰ ᠲᠤ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠤᠨ ᠳᠠᠩᠰᠠᠯᠠᠭᠤᠯᠬᠤ ᠪᠠᠷ ᠡᠷᠡᠮᠡᠯᠵᠡᠯᠡᠵᠦ᠂ ᠬᠠᠮᠢᠶ᠎ᠠ ᠪᠦᠬᠦᠢ ᠦᠨᠡᠮᠯᠡᠯ ᠢ ᠰᠣᠯᠢᠵᠤ ᠠᠪᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ   ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠭᠴᠢ ᠵᠢᠴᠢ ᠲᠡᠭᠦᠨ ᠤ ᠪᠦᠷᠢᠯᠳᠦᠭᠦᠨ ᠳᠤ ᠪᠣᠯᠪᠠᠰᠤᠷᠠᠯ ᠬᠢᠬᠦ ᠶᠢ ᠬᠠᠷᠢᠭᠤᠴᠠᠨ᠎ᠠ᠃ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠯ ᠪᠦᠷᠢ ᠨᠢᠭᠡ ᠪᠦᠯᠦᠭ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ︵ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠠᠷᠤ ᠳᠤ ᠳᠠᠭᠠᠯᠳᠤᠭᠤᠯᠤᠨ᠎ᠠ︶᠎ ᠶᠢ  ᠦᠨᠡᠯᠡᠨ ᠲᠣᠭᠲᠠᠭᠠᠵᠤ᠂ ᠪᠥᠬᠦ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠷᠤᠮᠵᠢᠭᠤᠨ ᠬᠥᠭᠵᠢᠯᠲᠡ ᠶᠢ ᠠᠬᠢᠭᠤᠯᠤᠨ᠎ᠠ᠃      ᠠᠷᠪᠠᠨ ᠲᠠᠪᠤᠳᠤᠭᠠᠷ ᠵᠦᠢᠯ   ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠳᠤ ︽ᠭᠤᠷᠪᠠ ᠶᠢ ᠬᠡᠯᠲᠦᠷᠢᠭᠦᠯᠬᠦ︾ ᠭᠠᠷᠳᠠᠮ ᠢ ᠬᠡᠷᠡᠭᠵᠢᠭᠦᠯᠦᠨ᠎ᠡ᠂ ᠲᠤᠬᠠᠶᠢᠯᠠᠪᠠᠯ ᠦᠨᠡᠯᠡᠨ ᠲᠣᠭᠲᠠᠭᠠᠬᠤ ᠵᠠᠷᠤᠳᠠᠯ᠂ ᠦᠨᠡᠮᠯᠡᠯ ᠤᠨ ᠦᠨ᠎ᠡ ᠥᠷᠲᠡᠭ ᠤᠨ ᠵᠠᠷᠤᠳᠠᠯ ᠬᠤᠷᠢᠶᠠᠬᠤ ᠦᠭᠡᠢ᠂ ᠪᠡᠯᠡ ᠮᠥᠩᠭᠦ ᠰᠢᠯᠭᠠᠨ ᠪᠠᠶᠢᠴᠠᠭᠠᠭᠰᠠᠨ ᠪᠠ ᠡᠳ᠋ ᠬᠥᠷᠥᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠲᠤᠰᠢᠶᠠᠬᠤ ᠠᠴᠠ ᠬᠡᠯᠲᠦᠷᠢᠭᠦᠯᠦᠨ᠎ᠡ᠃      ᠠᠷᠪᠠᠨ ᠵᠢᠷᠭᠤᠳᠤᠭᠠᠷ ᠵᠦᠢᠯ   ᠪᠤᠰᠤᠳ ᠵᠦᠢᠯ      ︵ᠨᠢᠭᠡ︶ ᠲᠣᠰ ᠠᠷᠭ᠎ᠠ ᠶᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃      ︵ᠬᠤᠶᠠᠷ︶ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                            2024 ᠣᠨ ᠤ 6 ᠰᠠᠷ᠎ᠠ ᠶᠢᠨ 6᠎ ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号