ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠᠶᠠᠨᠨᠠᠭᠤᠷ ᠬᠤᠲᠠ᠂ ᠣᠷᠳᠣᠰ ᠬᠤᠲᠠ ᠳᠤ ᠬᠦᠷᠴᠦ ᠲᠤᠰᠬᠠᠢ ᠰᠡᠳᠦᠪᠲᠦ ᠰᠢᠨᠵᠢᠯᠡᠨ ᠪᠠᠶᠢᠴᠠᠭᠠᠯᠲᠠ ᠪᠠ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
    6 ᠰᠠᠷ᠎ᠠ ᠶᠢᠨ 3  ᠤ ᠡᠳᠦᠷ ᠠᠴᠠ 8  ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠬᠠᠢ ᠮᠢᠩ ᠪᠦᠯᠬᠦᠮ ᠳᠠᠭᠠᠭᠤᠯᠤᠨ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ ᠪᠠᠶᠠᠨᠨᠠᠭᠤᠷ ᠬᠤᠳᠠ᠂ ᠣᠷᠳᠣᠰ ᠬᠤᠳᠠ ᠳᠤ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠷᠤᠯᠴᠠᠯᠭ᠎ᠠ ᠥᠷᠨᠢᠭᠦᠯᠵᠡᠢ᠃
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤ᠂ ᠯᠢᠨ ᠾᠧ ᠲᠣᠭᠤᠷᠢᠭ᠂ ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤ᠂ ᠳᠠᠯᠠᠳ ᠬᠤᠰᠢᠭᠤᠨ ᠳᠤ ᠬᠦᠷᠪᠡ᠃ ᠲᠤᠬᠠᠢ ᠶᠢᠨ ᠭᠠᠵᠠᠷ ᠤᠨ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠶᠢᠨᠺᠧᠨ ᠱᠠ ᠶᠢᠨ ᠲᠥᠷᠥᠯ ᠵᠦᠢᠯ ᠤᠨ ᠠᠵᠢᠯᠯᠠᠬᠤ ᠲᠣᠭᠤᠷᠢᠭ ᠵᠡᠷᠭᠡ ᠭᠠᠵᠠᠷ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠡᠮᠵᠢᠨ᠂ ᠪᠤᠰᠤᠳ ᠬᠤᠰᠢᠭᠤ ᠰᠢᠶᠠᠨ ᠤ ︽ᠭᠤᠷᠪᠠᠨ ᠤᠮᠠᠷᠠᠲᠤ ᠶᠢᠨ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠠᠵᠢᠯ ᠤᠨ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠨᠠᠷᠢᠨ ᠣᠶᠢᠯᠠᠭᠠᠪᠠ᠃
   ᠰᠢᠨᠵᠢᠯᠡᠨ ᠪᠠᠶᠢᠴᠠᠭᠠᠬᠤ ᠳᠤᠭᠤᠶᠢᠯᠠᠩ ᠨᠢ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ ᠭᠦᠨᠵᠡᠭᠡᠢ ᠤᠯᠤᠯᠳᠠ ᠣᠯᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠤᠯᠳᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠯᠴᠠᠨ ᠲᠣᠯᠢ ᠪᠣᠯᠭᠠᠵᠤ᠂ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠬᠠᠷᠠᠯᠲᠠ ᠪᠣᠯᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠠᠨᠨᠠᠭᠤᠷ ᠬᠤᠲᠠ᠂ ᠣᠷᠳᠣᠰ ᠬᠤᠲᠠ ᠵᠡᠷᠭᠡ ᠠᠶᠢᠮᠠᠭ ᠬᠤᠲᠠ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠡᠮᠵᠢᠶ᠎ᠡ ᠪᠣᠯᠣᠨ ᠰᠡᠳᠬᠢᠴᠡ ᠶᠢᠨ ᠵᠠᠭᠪᠤᠷ ᠢᠶᠠᠷ ᠲᠣᠯᠢ ᠪᠣᠯᠭᠠᠵᠤ᠂ ᠨᠡᠩ ᠥᠨᠳᠥᠷ ᠵᠣᠭᠰᠣᠴᠠ᠂ ᠨᠡᠩ ᠨᠠᠷᠢᠨ ᠬᠢᠨᠠᠮᠠᠭᠠᠢ ᠣᠪᠣᠷ ᠢᠶᠠᠷ ᠮᠠᠨ ᠤ ᠬᠤᠰᠢᠭᠤᠨ ᠤ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠥᠭᠭᠦᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号