ᠪᠠᠷᠠᠭᠤᠨ ᠦᠵᠦᠮᠦᠴᠢᠨ ᠬᠤᠰᠢᠭᠤᠨ ᠤ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ
ᠨᠡᠶᠢᠲᠡᠯᠡᠭᠰᠡᠨ ᠴᠠᠭ᠄
2024/6/12
     ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠪᠥᠬᠦ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢᠨ ᠲᠥᠯᠥᠭᠡ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠰᠢᠨ᠎ᠡ ᠪᠠᠷ  ᠦᠨᠡᠯᠡᠨ ᠲᠣᠭᠲᠠᠭᠠᠭᠰᠠᠨ ᠰᠠᠭᠤᠷᠢᠨ ᠳᠡᠭᠡᠷ᠎ᠡ᠂ ᠳᠣᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠪᠡᠯ᠂ ᠡᠷᠡᠮᠡᠯᠵᠡᠯᠡᠵᠦ᠂ ᠰᠢᠯᠭᠠᠨ ᠬᠤᠷᠢᠶᠠᠵᠤ᠂ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠬᠤᠰᠢᠭᠤ ᠲᠠᠰ ᠤᠨ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠦᠨᠡᠯᠡᠭᠳᠡᠨ᠎ᠡ᠃    ᠨᠢᠭᠡ  ᠂ ᠤᠷᠢᠲᠠᠯ ᠨᠥᠬᠦᠴᠡᠯ    ⒈ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠢᠷᠢ ᠬᠡᠮ ᠢ ᠨᠢᠭᠡᠨᠲᠡ ᠣᠯᠣᠭᠰᠠᠨ ᠪᠥᠭᠡᠳ ᠡᠵᠡᠩᠨᠡᠵᠦ ᠪᠠᠶᠢᠭ᠎ᠠ ᠠᠵᠤ ᠦᠢᠯᠡᠰ ᠨᠢ ᠡᠷᠬᠡᠪᠰᠢ ᠮᠠᠯ ᠠᠵᠤ ᠠᠬᠤᠢ ᠶᠢᠨ ᠠᠵᠤ ᠦᠢᠯᠡᠰ ᠤᠨ ᠲᠥᠯᠦᠪᠵᠢᠭᠦᠯᠭᠡ ᠲᠠᠢ ᠨᠡᠶᠢᠴᠡᠵᠦ᠂ ᠮᠠᠯ ᠠᠵᠤ ᠠᠬᠤᠢ ᠶᠢ ᠡᠷᠬᠢᠯᠡᠬᠦ ᠪᠠᠷ ᠭᠤᠣᠯ ᠪᠣᠯᠭᠠᠨ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠮᠠᠰᠢᠨᠴᠢᠯᠠᠨ ᠠᠵᠢᠯᠯᠠᠬᠤ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠲᠡᠵᠢᠭᠡᠨ ᠦᠷᠡᠵᠢᠭᠦᠯᠬᠦ ᠶᠢ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠨᠡᠯᠢᠶᠡᠳ ᠴᠢᠩᠭ᠎ᠠ ᠪᠠᠶᠢᠬᠤ ᠬᠡᠷᠡᠭᠲᠡᠢ᠃    ⒉ᠵᠠᠮ ᠬᠠᠷᠢᠯᠴᠠᠭ᠎ᠠ ᠲᠥᠬᠦᠮ᠂ ᠵᠠᠮ ᠳᠠᠭᠠᠤ ᠪᠠᠶᠢᠵᠦ᠂ ᠲᠣᠣᠷ ᠰᠦᠯᠵᠢᠶ᠎ᠡ ᠶᠢᠨ ᠳᠣᠬᠢᠶ᠎ᠠ ᠶᠢ ᠰᠠᠭᠠᠳ ᠦᠭᠡᠢ ᠨᠠᠪᠲᠠᠷᠡᠭᠦᠯᠵᠦ᠂ ᠠᠮᠢᠳᠤᠷᠠᠯ ᠤᠨ ᠲᠣᠭᠤᠷᠢᠭ᠂ ᠮᠠᠯ ᠮᠠᠯᠵᠢᠬᠤ ᠲᠣᠭᠤᠷᠢᠭ ᠢ ᠰᠠᠯᠭᠠᠬᠤ ᠶᠢ ᠪᠡᠶᠡᠯᠡᠭᠦᠯᠵᠦ᠂ ᠣᠲᠣ ᠦᠶ᠎ᠡ ᠶᠢᠨ ᠲᠠᠯ᠎ᠠ ᠨᠤᠲᠤᠭ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠢᠯᠡᠷᠡᠭᠦᠯᠵᠦ ᠴᠢᠳᠠᠨ᠎ᠠ᠃    ⒊ᠪᠣᠯᠪᠠᠰᠤᠨ ᠡᠷᠦᠬᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠵᠦ᠂ ᠭᠡᠷ ᠪᠦᠯᠢ ᠡᠶ᠎ᠡ ᠨᠠᠶᠢᠷᠲᠠᠢ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠡᠶ᠎ᠡ ᠵᠣᠬᠢᠴᠠᠯ ᠲᠠᠢ᠂ ᠦᠨᠡᠨᠴᠢ ᠢᠲᠡᠭᠡᠮᠵᠢᠲᠡᠢ ᠪᠠᠶᠢᠵᠦ᠂ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠬᠦᠯᠦᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠵᠢᠷᠤᠮᠯᠠᠨ᠎ᠠ᠃ ᠭᠡᠷ ᠪᠦᠯᠢ ᠶᠢᠨ ᠪᠦᠷᠢᠯᠳᠦᠭᠦᠨ ᠨᠢ ᠭᠠᠴᠠᠭᠠᠨ ᠤ ︽ᠡᠭᠦᠷ ᠵᠥᠪᠯᠡᠯ︾ ᠤᠨ ᠬᠠᠮᠢᠶᠠᠷᠤᠯᠲᠠ ᠶᠢ ᠳᠠᠭᠠᠵᠤ᠂ ᠭᠠᠴᠠᠭᠠᠨ ᠤ ᠳᠦᠷᠢᠮ ᠠᠷᠠᠳ ᠤᠨ ᠭᠡᠷ᠎ᠡ ᠪᠣᠯᠣᠨ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ᠂ ᠬᠤᠪᠢ ᠬᠥᠮᠥᠨ ᠤ ᠵᠠᠩ ᠮᠣᠷᠠᠯ ᠢ ᠵᠢᠷᠤᠮᠯᠠᠨ ᠰᠠᠬᠢᠬᠤ ᠬᠡᠷᠡᠭᠲᠡᠢ᠃    ⒋ᠮᠠᠯ ᠠᠵᠤ ᠠᠬᠤᠢ ᠶᠢᠨ ᠣᠷᠣᠯᠭ᠎ᠠ ᠪᠠᠷ ᠭᠡᠷ ᠪᠦᠯᠢ ᠶᠢᠨ ᠭᠤᠣᠯ ᠣᠷᠣᠯᠭ᠎ᠠ ᠶᠢᠨ ᠢᠷᠡᠯᠲᠡ ᠪᠠᠨ ᠪᠣᠯᠭᠠᠵᠤ᠂ ᠮᠠᠯ ᠠᠵᠤ ᠠᠬᠤᠢ ᠶᠢᠨ ᠴᠡᠪᠡᠷ ᠣᠷᠣᠯᠭ᠎ᠠ ᠨᠢ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠶᠡᠷᠦᠩᠬᠡᠢ ᠠᠰᠢᠭ ᠣᠷᠣᠯᠭ᠎ᠠ ᠶᠢᠨ 80% ᠠᠴᠠ ᠳᠡᠭᠡᠭᠰᠢᠬᠢ ᠶᠢ ᠡᠵᠡᠯᠡᠵᠦ᠂ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠪᠥᠬᠦ ᠬᠤᠰᠢᠭᠤᠨ ᠤ ᠮᠠᠯᠵᠢᠬᠤ ᠣᠷᠣᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠠᠴᠠ ᠦᠨᠳᠦᠷ ᠪᠠᠶᠢᠬᠤ ᠬᠡᠷᠡᠭᠲᠡᠢ᠃     ᠬᠤᠶᠠᠷ᠂  ᠠᠮᠢ ᠠᠬᠤᠢ ᠶᠢᠨ ᠨᠥᠬᠦᠴᠡᠯ    ⒈ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠰᠡᠯᠬᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠬᠡᠷᠡᠭᠯᠡᠬᠦ ᠲᠠᠯᠠᠪᠠᠢ ᠨᠢ 5000 ᠮᠦ ᠠᠴᠠ ᠳᠡᠭᠡᠭᠰᠢ ᠪᠠᠶᠢᠵᠦ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠ ᠳᠠᠯᠳᠠᠭᠤᠷ ᠪᠡᠯᠴᠢᠭᠡᠷᠯᠡᠭᠦᠯᠦᠭᠰᠡᠨ ᠵᠡᠷᠭᠡ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠲᠡᠮᠳᠡᠭᠯᠡᠯ ᠦᠭᠡᠢ᠃    ⒉ᠪᠡᠯᠴᠢᠭᠡᠷᠯᠡᠭᠦᠯᠬᠦ ᠲᠠᠯᠠᠪᠠᠶ ᠶᠢᠨ ᠤᠷᠭᠤᠮᠠᠯ ᠤᠨ ᠬᠤᠴᠢᠯᠭ᠎ᠠ ᠶᠢᠨ ᠥᠨᠳᠥᠷ ᠤᠨ ᠬᠡᠮᠵᠢᠶ᠎ᠡ᠂ ᠪᠦᠷᠬᠦᠴᠡ᠂ ᠨᠢᠭᠲᠠᠴᠠ ᠶᠢᠨ ᠬᠡᠮᠵᠢᠶ᠎ᠡ ᠨᠢ ᠪᠥᠬᠦ ᠬᠤᠰᠢᠭᠤᠨ ᠤ ᠳᠤᠮᠳᠠᠴᠢ ᠬᠢᠷᠢ ᠲᠦᠪᠰᠢᠨ ᠠᠴᠠ ᠥᠨᠳᠥᠷ  ᠪᠠᠶᠢᠬᠤ ᠬᠡᠷᠡᠭᠳᠡᠢ᠃    ⒊ᠬᠠᠳᠤᠯᠠᠩ ᠪᠡᠯᠴᠢᠭᠡᠷ ᠢ ᠬᠠᠳᠤᠬᠤ ᠳᠤ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠳᠤᠬᠤ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ ᠬᠠᠳᠤᠵᠤ  ᠬᠠᠮᠢᠶᠠᠷᠬᠤ ᠬᠡᠷᠡᠭᠳᠡᠢ᠃     ᠭᠤᠷᠪᠠ᠂ ᠠᠮᠢᠳᠤᠷᠠᠯ ᠤᠨ ᠨᠥᠬᠦᠴᠡᠯ     ⒈ᠠᠮᠢᠳᠤᠷᠠᠯ ᠤᠨ ᠲᠣᠭᠤᠷᠢᠭ ᠬᠢᠭᠡᠳ ᠦᠢᠯᠡᠳᠪᠦᠷᠢᠯᠡᠯ ᠤᠨ ᠲᠣᠭᠤᠷᠢᠭ ᠤᠨ ᠪᠠᠶᠢᠷᠢᠰᠢᠯ ᠨᠢ ᠵᠦᠢ ᠵᠣᠬᠢᠰᠲᠠᠢ ᠂ ᠬᠠᠷᠢᠴᠠᠩᠭᠤᠢ ᠪᠠᠷ ᠰᠠᠯᠤᠩᠭᠢᠷᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠨ᠎ᠠ᠃     ⒉ ᠭᠡᠷ ᠪᠠᠶᠢᠰᠢᠩ ᠤᠨ ᠵᠢᠷᠤᠭ ᠲᠥᠯᠥᠪᠯᠡᠭᠡ ᠨᠢ ᠥᠪᠡᠷᠮᠢᠴᠡ ᠣᠨᠴᠠᠯᠢᠭ ᠲᠠᠢ᠂ ᠬᠥᠮᠥᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠢ ᠨᠢ 35 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠣᠷᠣᠨ ᠰᠠᠭᠤᠴᠠ ᠬᠢᠭᠡᠳ ᠳᠠᠭᠠᠯᠲᠠ ᠳᠦᠬᠦᠭᠡᠷᠦᠮᠵᠢ ᠶᠢᠨ ᠲᠠᠯᠠᠪᠠᠢ ᠨᠢ ᠨᠡᠶᠢᠳᠡ 600 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠢ᠃ ᠭᠡᠷ ᠤᠨ ᠴᠠᠬᠢᠯᠭᠠᠨ ᠬᠡᠷᠡᠭᠰᠡᠯ᠂ ᠳᠤᠯᠠᠭᠠᠯᠠᠭ᠎ᠠ᠂ ᠡᠷᠡᠭᠦᠯ ᠬᠠᠮᠠᠭᠠᠯᠠᠯ ᠤᠨ ᠵᠣᠷᠯᠣᠩ ᠤᠨ ᠴᠢᠳᠠᠮᠵᠢ ᠶᠢᠨ ᠪᠡᠯᠡᠳᠬᠡᠮᠵᠢ ᠨᠢ ᠪᠦᠷᠢᠨ ᠭᠦᠢᠴᠡᠳ᠃ ᠭᠡᠷ ᠪᠠᠶᠢᠰᠢᠩ᠂ ᠬᠦᠷᠢᠶ᠎ᠡ ᠬᠠᠰᠢᠶ᠎ᠠ ᠨᠢ ᠴᠡᠪᠡᠷ ᠴᠡᠮᠴᠡᠭᠡᠷ᠂ ᠡᠷᠦᠢ ᠬᠤᠷᠤᠢ ᠦᠭᠡᠢ ᠶᠠᠭᠤᠮ᠎ᠠ ᠣᠪᠣᠭᠠᠯᠠᠨ ᠲᠠᠯᠪᠢᠭᠰᠠᠨ ᠦᠭᠡᠢ᠃    ⒊ᠮᠠᠯ ᠵᠢᠭᠦᠷᠲᠡᠨ ᠤ ᠢᠯᠭᠠᠳᠤᠰᠤᠨ ᠤ ᠪᠣᠬᠢᠷᠲᠤᠯ ᠢ ᠡᠳᠦᠷ ᠲᠤᠨᠢ ᠴᠡᠪᠡᠷᠯᠡᠵᠦ᠂ ᠲᠣᠭᠲᠠᠭᠰᠠᠨ ᠣᠪᠣᠭᠠᠯᠠᠨ ᠲᠠᠯᠪᠢᠬᠤ ᠭᠠᠵᠠᠷ ᠭᠠᠷᠭᠠᠬᠤ ᠶᠢᠨ ᠬᠠᠮᠲᠤ ᠴᠡᠪᠡᠷ ᠴᠡᠮᠴᠡᠭᠡᠷ ᠬᠤᠷᠢᠶᠠᠨ᠎ᠠ᠃    ⒋ᠬᠥᠮᠥᠨ ᠮᠠᠯ ᠤᠨ ᠬᠡᠷᠡᠭᠯᠡᠬᠦ ᠤᠰᠤ ᠠᠮᠤᠷ ᠲᠦᠪᠰᠢᠨ᠂ ᠤᠰᠤ ᠣᠷᠣᠭᠤᠯᠬᠤ ᠲᠥᠬᠦᠭᠡᠷᠦᠮᠵᠢ ᠶᠢ ᠪᠦᠷᠢᠳᠦᠭᠦᠯᠬᠦ ᠶᠢᠨ ᠬᠠᠮᠲᠤ ᠪᠣᠬᠢᠷ ᠤᠰᠤ ᠶᠢ ᠰᠢᠢᠳᠪᠦᠷᠢᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠴᠠᠬᠢᠯᠭᠠᠨ ᠨᠡᠪᠲᠡᠷᠡᠭᠦᠯᠭᠡ᠂ ᠵᠠᠮ‌ᠨᠡᠪᠲᠡᠷᠡᠭᠦᠯᠭᠡ᠂ ᠴᠢᠮᠡᠭᠡ‌ᠨᠡᠪᠲᠡᠷᠡᠭᠦᠯᠭᠡ ᠶᠢ ᠪᠠᠲᠤᠯᠠᠨ᠎ᠠ᠃    ᠳᠥᠷᠪᠡ᠂ ᠦᠢᠯᠡᠳᠪᠦᠷᠢᠯᠡᠯ ᠤᠨ ᠨᠥᠬᠦᠴᠡᠯ    ︵ᠨᠢᠭᠡ︶ ᠮᠠᠯᠵᠢᠬᠤ ᠨᠥᠬᠦᠴᠡᠯ᠃ ᠮᠠᠯ ᠰᠦᠷᠦᠭ ᠤᠨ ᠡᠭᠦᠯᠳᠡᠷ ᠨᠢ ᠡᠷᠬᠡᠪᠰᠢ ᠰᠢᠯᠢᠳᠡᠭ ᠡᠭᠦᠯᠳᠡᠷ ᠪᠠᠶᠢᠬᠤ ᠬᠡᠷᠡᠭᠲᠡᠢ᠂ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠠᠶᠢᠵᠢᠷᠠᠭᠤᠯᠬᠤ ᠪᠠᠷ ᠳᠠᠮᠵᠢᠭᠤᠯᠤᠨ᠂ ᠣᠷᠣᠭᠤᠯᠵᠤ ᠢᠷᠡᠭᠰᠡᠨ ᠡᠭᠦᠯᠳᠡᠷ ᠢ ᠰᠣᠩᠭᠤᠨ ᠪᠣᠶᠢᠵᠢᠭᠤᠯᠵᠤ ᠳᠡᠭᠡᠭᠰᠢᠯᠡᠭᠦᠯᠬᠦ ᠪᠠ ᠡᠷᠯᠢᠰᠡᠵᠢᠭᠦᠯᠦᠨ ᠰᠠᠶᠢᠵᠢᠷᠠᠭᠤᠯᠬᠤ ᠪᠠᠷ ᠳᠠᠮᠵᠢᠭᠤᠯᠤᠨ᠂ ᠵᠣᠬᠢᠴᠠᠬᠤ ᠴᠢᠨᠠᠷ ᠢᠶᠠᠷ ᠴᠢᠩᠭ᠎ᠠ᠂ ᠬᠤᠪᠢ ᠶᠢᠨ ᠦᠢᠯᠡᠳᠪᠦᠷᠢᠯᠡᠯ ᠤᠨ ᠴᠢᠳᠠᠪᠬᠢ ᠰᠠᠶᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠡᠬᠡᠲᠡᠢ᠂ ᠡᠬᠢ ᠪᠠᠶᠠᠯᠢᠭ ᠤᠨ ᠬᠤᠷᠣᠭᠳᠠᠯ ᠢᠶᠠᠷ ᠪᠠᠭ᠎ᠠ᠂ ᠡᠵᠡᠩᠨᠡᠯᠲᠡ ᠶᠢᠨ ᠦᠷ᠎ᠡ ᠠᠰᠢᠭ ᠢᠶᠠᠷ ᠥᠨᠳᠥᠷ ᠡᠭᠦᠯᠳᠡᠷ ᠢ ᠪᠤᠢ ᠪᠣᠯᠭᠠᠬᠤ ᠬᠡᠷᠡᠭᠲᠡᠢ᠃    ᠮᠢᠬᠠᠨ ᠤ ᠦᠬᠡᠷ ᠤᠨ ᠵᠢᠱᠢᠶ᠎ᠡ ᠦᠵᠡᠭᠦᠯᠬᠦ ᠡᠷᠦᠬᠡ᠄ ᠮᠠᠯ ᠰᠦᠷᠦᠭ ᠤᠨ ᠪᠦᠲᠦᠴᠡ ᠨᠢ ᠵᠦᠢ ᠵᠣᠬᠢᠰᠲᠠᠢ ᠪᠠᠶᠢᠵᠤ᠂ ᠮᠠᠯ ᠤᠨ ᠡᠭᠦᠯᠳᠡᠷ ᠢ ᠨᠢᠭᠡ ᠵᠦᠢᠯ ᠤᠨ ᠡᠭᠦᠯᠳᠡᠷ ᠢᠶᠠᠷ ᠭᠤᠣᠯᠯᠠᠭᠤᠯᠵᠤ᠂ 50 ᠲᠣᠯᠣᠭᠠᠢ   ᠠᠴᠠ ᠳᠡᠭᠡᠭᠰᠢ ᠡᠬᠡ ᠮᠠᠯ ᠪᠠᠶᠢᠬᠤ ᠶᠢᠨ ᠬᠠᠮᠲᠤ ᠪᠦᠬᠦᠨ ᠢᠶᠠᠷ ᠢᠶᠠᠨ ᠭᠤᠷᠪᠠᠨ ᠦᠶ᠎ᠡ ᠠᠴᠠ ᠳᠡᠭᠡᠭᠰᠢ ᠳᠤ ᠬᠦᠷᠭᠡᠵᠦ᠂ ᠢᠴᠡᠭᠡᠯ ᠦᠷ᠎ᠡ ᠶᠢᠨ ᠬᠡᠭᠡᠯᠳᠦᠬᠦᠯᠭᠡ ᠬᠢᠬᠦ ᠪᠤᠶᠤ ᠭᠤᠷᠪᠠᠨ ᠦᠶ᠎ᠡ ᠠᠴᠠ ᠳᠡᠭᠡᠭᠰᠢᠬᠢ ᠡᠭᠦᠯᠳᠡᠷ ᠤᠨ ᠪᠤᠬ᠎ᠠ ᠬᠡᠷᠡᠭᠯᠡᠬᠦ ᠶᠢ ᠱᠠᠭᠠᠷᠳᠠᠨ᠎ᠠ᠃ ᠮᠢᠬᠠᠨ ᠤ ᠬᠤᠨᠢᠨ ᠤ ᠵᠢᠱᠢᠶ᠎ᠡ ᠦᠵᠡᠭᠦᠯᠬᠦ ᠡᠷᠦᠬᠡ᠄ ᠡᠮ᠎ᠡ ᠬᠤᠨᠢᠨ ᠤ ᠲᠤᠭ᠎ᠠ ᠨᠢ 500 ᠲᠣᠯᠤᠭᠠᠢ ᠠᠴᠠ ᠳᠡᠭᠡᠭᠰᠢ ᠪᠠᠶᠢᠵᠤ᠂ ᠡᠬᠡ ᠮᠠᠯ ᠨᠢ ᠪᠦᠬᠦᠨ ᠢᠶᠠᠷ ᠢᠶᠠᠨ ᠦᠵᠦᠮᠦᠴᠢᠨ ᠬᠤᠨᠢᠨ ᠤ ᠡᠭᠦᠯᠳᠡᠷ ᠤᠨ ᠪᠠᠷᠢᠮᠵᠢᠶ᠎ᠠ ᠳᠤ ᠬᠦᠷᠴᠦ᠂ ᠬᠤᠴᠠ ᠨᠢ ᠣᠨᠴᠠ᠂ ᠨᠢᠭᠡᠳᠦᠭᠡᠷ ᠳᠡᠰ ᠪᠠᠶᠢᠬᠤ ᠬᠡᠷᠡᠭᠳᠡᠢ᠃    ᠮᠤᠩᠭᠤᠯ ᠠᠳᠤᠭᠤᠨ ᠤ ᠵᠢᠱᠢᠶ᠎ᠡ ᠦᠵᠡᠭᠦᠯᠬᠦ ᠡᠷᠦᠬᠡ᠄ ᠭᠡᠭᠦᠦ ᠶᠢᠨ ᠲᠤᠭ᠎ᠠ ᠨᠢ 100 ᠲᠤᠯᠤᠭᠠᠢ ᠠᠴᠠ ᠳᠡᠭᠡᠭᠰᠢ ᠪᠠᠶᠢᠵᠦ᠂ ᠠᠳᠤᠭᠤᠨ ᠰᠦᠷᠦᠭ ᠨᠢ ᠴᠥᠮ ᠮᠤᠩᠭᠤᠯ ᠮᠣᠷᠢᠨ ᠤ ᠡᠭᠦᠯᠳᠡᠷ ᠤᠨ ᠪᠠᠷᠢᠮᠵᠢᠶ᠎ᠠ ᠳᠤ ᠬᠦᠷᠦᠨ᠎ᠡ᠃    ᠲᠡᠮᠡᠭᠡᠨ ᠤ ᠵᠢᠱᠢᠶ᠎ᠡ ᠦᠵᠡᠭᠦᠯᠬᠦ ᠡᠷᠦᠬᠡ᠄  ᠢᠩᠭᠡ ᠤᠨ ᠲᠤᠭ᠎ᠠ ᠨᠢ 50 ᠲᠤᠯᠤᠭᠠᠢ ᠠᠴᠠ ᠳᠡᠭᠡᠭᠰᠢ ᠪᠠᠶᠢᠵᠦ᠂ ᠲᠡᠮᠡᠭᠡᠨ ᠰᠦᠷᠦᠭ ᠢ ᠴᠥᠮ ᠬᠤᠶᠠᠷ ᠪᠥᠬᠦᠲᠦ ᠲᠡᠮᠡᠭᠡᠨ ᠤ ᠪᠠᠷᠢᠮᠵᠢᠶ᠎ᠠ ᠳᠤ ᠬᠦᠷᠭᠡᠨ᠎ᠡ᠃    ᠢᠮᠠᠭᠠᠨ ᠤ ᠵᠢᠱᠢᠶ᠎ᠡ ᠦᠵᠡᠭᠦᠯᠬᠦ ᠡᠷᠦᠬᠡ᠄ ᠡᠮ᠎ᠡ ᠢᠮᠠᠭ᠎ᠠ ᠨᠢ 300 ᠲᠤᠯᠤᠭᠠᠢ ᠠᠴᠠ ᠳᠡᠭᠡᠭᠰᠢ ᠪᠠᠶᠢᠵᠦ᠂ ᠰᠠᠭᠤᠷᠢ ᠡᠮ᠎ᠡ ᠢᠮᠠᠭ᠎ᠠ ᠶᠢ ᠪᠦᠬᠦᠨ ᠢ ᠦᠵᠦᠮᠦᠴᠢᠨ ᠴᠠᠭᠠᠨ ᠢᠮᠠᠭᠠᠨ ᠤ ᠡᠭᠦᠯᠳᠡᠷ ᠤᠨ ᠪᠠᠷᠢᠮᠵᠢᠶ᠎ᠠ ᠳᠤ ᠬᠦᠷᠭᠡᠵᠦ᠂ ᠤᠬᠤᠨ᠎ᠠ ᠨᠢ ᠣᠨᠴᠠ᠂ ᠨᠢᠭᠡᠳᠦᠭᠡᠷ ᠳᠡᠰ ᠪᠠᠶᠢᠬᠤ ᠬᠡᠷᠡᠭᠳᠡᠢ᠃    ᠭᠤᠣᠯ ᠮᠠᠯᠵᠢᠬᠤ ᠮᠠᠯ ᠤᠨ ᠡᠭᠦᠯᠳᠡᠷ ᠨᠢ ᠪᠦᠬᠦ ᠮᠠᠯ ᠤᠨ ᠲᠤᠭ᠎ᠠ ᠲᠣᠯᠣᠭᠠᠢ ᠶᠢᠨ 90% ᠠᠴᠠ ᠳᠡᠭᠡᠭᠰᠢᠬᠢ ᠶᠢ ᠡᠵᠡᠯᠡᠬᠦ ᠶᠢᠨ ᠬᠠᠮᠲᠤ ᠨᠢᠭᠡ ᠯᠡ ᠡᠭᠦᠯᠳᠡᠷ ᠪᠣᠯᠬᠤ ᠪᠥᠭᠡᠳ ᠮᠠᠯ ᠤᠨ ᠲᠤᠭ᠎ᠠ ᠲᠣᠯᠣᠭᠠᠢ ᠨᠢ ᠡᠷᠬᠡᠪᠰᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃    ︵ᠬᠤᠶᠠᠷ︶ ᠰᠠᠭᠤᠷᠢ ᠨᠥᠬᠦᠴᠡᠯ    ⒈ ᠪᠠᠷᠢᠮᠵᠢᠶᠠᠵᠢᠭᠤᠯᠤᠭᠰᠠᠨ ᠪᠢᠳᠡᠭᠦᠦ ᠬᠡᠯᠪᠡᠷᠢ ᠶᠢᠨ ᠪᠤᠶᠤ ᠬᠠᠭᠠᠰ ᠨᠡᠭᠡᠭᠡᠯᠲᠡᠲᠤ ᠬᠡᠯᠪᠡᠷᠢ ᠶᠢᠨ ᠭᠡᠷᠡᠯ ᠲᠤᠰᠬᠤ ᠳᠤᠯᠠᠭᠠᠨ ᠫᠧᠩ ᠢ ᠪᠦᠷᠢᠳᠦᠭᠦᠯᠵᠦ᠂ ᠳᠤᠯᠠᠭᠠᠨ ᠫᠧᠩ ᠤᠨ ᠲᠠᠯᠠᠪᠠᠢ ᠶᠢ ᠮᠠᠯ ᠠᠷᠠᠴᠢᠯᠠᠨ ᠲᠡᠵᠢᠭᠡᠬᠦ ᠬᠡᠷᠡᠭᠴᠡᠭᠡ ᠱᠠᠭᠠᠷᠳᠠᠯᠭ᠎ᠠ ᠳᠤ ᠬᠦᠷᠭᠡᠵᠦ᠂ ᠣᠨᠳᠤᠷᠤᠬᠤ ᠮᠠᠯ ᠤᠨ ᠳᠤᠯᠠᠭᠠᠨ ᠫᠧᠩ ᠤᠨ ᠲᠠᠯᠠᠪᠠᠢ ᠶᠢ ᠬᠤᠨᠢ ᠨᠢᠭᠡᠪᠦᠷᠢ ᠳᠤ 1.5 ᠲᠡᠭᠰᠢ ᠳᠥᠷᠪᠡᠯᠵᠢᠨ ᠮᠧᠲᠷ ᠠᠴᠠ ᠳᠤᠤᠷ᠎ᠠ ᠦᠭᠡᠢ ᠪᠠᠶᠢᠯᠭᠠᠵᠤ᠂ ᠦᠬᠡᠷ ᠲᠤ 5 ᠲᠡᠭᠰᠢ ᠳᠥᠷᠪᠡᠯᠵᠢᠨ ᠮᠧᠲᠷ ᠠᠴᠠ ᠳᠤᠤᠷ᠎ᠠ ᠦᠭᠡᠢ ᠪᠠᠶᠢᠯᠭᠠᠨ᠎ᠠ᠃ ᠠᠰᠳᠠᠭᠠᠨ ᠲᠥᠯ ᠲᠤᠰᠬᠤ ᠭᠡᠷ ᠪᠤᠶᠤ ᠳᠦᠯᠯᠡᠬᠦᠯᠬᠦ ᠭᠡᠷ᠂ ᠬᠦᠳᠡᠯᠭᠡᠭᠡᠨ ᠤ ᠲᠠᠯᠠᠪᠠᠢ ᠵᠡᠷᠭᠡ ᠶᠢ ᠲᠣᠬᠢᠷᠠᠭᠤᠯᠤᠨ᠎ᠠ᠃    ⒉ ᠮᠠᠯᠵᠢᠬᠤ ᠡᠷᠥᠭᠡ ᠨᠡᠯᠢᠶᠡᠳ ᠲᠡᠷᠢᠭᠦᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠠᠮᠢᠶᠠᠷᠤᠯᠲᠠ ᠶᠢᠨ ᠮᠡᠷᠭᠡᠵᠢᠯ ᠤᠨ ᠴᠢᠳᠠᠪᠤᠷᠢ ᠶᠢ ᠡᠵᠡᠮᠰᠢᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠵᠡᠷᠭᠡ ᠪᠣᠯᠪᠠᠰᠤᠷᠠᠯ ᠳᠤ ᠣᠷᠣᠯᠴᠠᠭᠰᠠᠨ ᠥᠩᠭᠡᠷᠡᠯᠲᠡ ᠲᠠᠢ ᠪᠠᠶᠢᠬᠤ᠃ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠵᠢᠷᠤᠮᠵᠢᠭᠤᠯᠤᠭᠰᠠᠨ ᠬᠡᠮᠵᠢᠶ᠎ᠡ ᠨᠢ ᠨᠡᠯᠢᠶᠡᠳ ᠲᠡᠷᠢᠭᠦᠨ ᠤ ᠪᠠᠶᠢᠵᠤ᠂ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠴᠢᠳᠠᠬᠤ᠂ ᠦᠢᠯᠡᠳᠪᠦᠷᠢᠯᠡᠯ ᠤᠨ ᠲᠡᠮᠳᠡᠭᠯᠡᠯ ᠨᠢ ᠪᠦᠷᠢᠨ ᠪᠦᠲᠦᠨ ᠪᠠᠶᠢᠬᠤ ᠬᠡᠷᠡᠭᠲᠡᠢ᠃    ⒊ᠮᠠᠯ ᠰᠦᠷᠦᠭ ᠤᠨ ᠬᠡᠪᠴᠢᠶ᠎ᠡ ᠲᠠᠢ ᠵᠣᠬᠢᠴᠠᠯᠳᠤᠭᠰᠠᠨ ᠡᠪᠡᠰᠦ ᠬᠠᠳᠠᠭᠠᠯᠠᠬᠤ ᠬᠥᠮᠥᠷᠭᠡ ︵ᠳᠠᠷᠤᠰᠢᠭᠤᠯᠬᠤ ᠵᠣᠭᠤᠷᠢ︶᠂ ᠲᠡᠵᠢᠭᠡᠯ ᠪᠣᠷᠳᠣᠭᠠᠨ ᠤ ᠬᠥᠮᠥᠷᠭᠡ ᠵᠢᠴᠢ ᠡᠪᠡᠰᠦ ᠪᠣᠷᠳᠤᠭ᠎ᠠ ᠶᠢ ᠨᠠᠶᠢᠷᠠᠭᠤᠯᠬᠤ ᠲᠠᠰᠤᠭ ᠲᠠᠢ ᠪᠠᠶᠢᠬᠤ ᠬᠡᠷᠡᠭᠲᠡᠢ᠃    ⒋ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠰᠡᠬᠦ ᠢᠵᠢ ᠪᠦᠷᠢᠳᠦᠭᠦᠯᠬᠦ ᠮᠠᠰᠢᠨ ᠲᠥᠬᠦᠭᠡᠷᠦᠮᠵᠢ ᠪᠣᠯᠣᠨ ᠬᠡᠮᠵᠢᠭᠦᠷᠯᠢᠭ ᠲᠥᠬᠦᠭᠡᠷᠦᠮᠵᠢ᠂ ᠲᠡᠵᠢᠭᠡᠯ ᠡᠪᠡᠰᠦ ᠪᠣᠷᠳᠤᠭ᠎ᠠ ᠵᠢᠭᠤᠷᠠᠬᠤ ᠮᠠᠰᠢᠨ᠂ ᠪᠣᠷᠳᠤᠭ᠎ᠠ ᠰᠠᠴᠤᠬᠤ ᠲᠡᠷᠭᠡ᠂ ᠤᠳᠬᠤᠭᠤᠷ ᠲᠡᠷᠭᠡ᠂ ᠤᠤᠭᠤᠬᠤ ᠤᠰᠤᠨ ᠤ ᠠᠦ᠋ᠲ᠋ᠣᠴᠢᠯᠠᠭᠰᠠᠨ ᠮᠠᠰᠢᠨ᠂ ᠲᠡᠵᠢᠭᠡᠨ ᠠᠷᠠᠴᠢᠯᠠᠬᠤ ᠣᠩᠭᠤᠴᠠ᠂ ᠬᠢᠨᠠᠨ ᠡᠵᠡᠮᠳᠡᠬᠦ ᠲᠥᠬᠦᠭᠡᠷᠦᠮᠵᠢ ᠲᠠᠢ ᠪᠠᠶᠢᠵᠤ᠂ ᠮᠠᠯ ᠤᠨ ᠨᠣᠣᠰᠣ ᠬᠠᠶᠢᠴᠢᠯᠠᠬᠤ᠂ ᠬᠢᠵᠢᠭ ᠰᠡᠷᠭᠡᠶᠢᠯᠡᠬᠦ᠂ ᠠᠷᠢᠭᠤᠳᠬᠠᠬᠤ ᠵᠡᠷᠭᠡ ᠭᠤᠣᠯ ᠪᠣᠯᠬᠤ ᠦᠢᠯᠡᠳᠪᠦᠷᠢᠯᠡᠯ ᠤᠨ ᠪᠡᠯᠡᠳᠬᠡᠮᠵᠢ ᠲᠠᠢ ᠪᠠᠶᠢᠵᠤ᠂ ᠣᠶᠤᠨᠴᠢ ᠪᠠᠷ ᠮᠠᠯᠵᠢᠬᠤ ᠴᠢᠳᠠᠪᠤᠷᠢ ᠨᠡᠯᠢᠶᠡᠳ ᠴᠢᠩᠭ᠎ᠠ ᠪᠠᠶᠢᠬᠤ ᠶᠢ ᠱᠠᠭᠠᠷᠳᠠᠨ᠎ᠠ᠃    ⒌ ᠮᠠᠯᠵᠢᠯ ᠤᠨ ᠲᠠᠯᠠᠪᠠᠶ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠭᠤᠯᠭ᠎ᠠ ᠳᠤ᠄ ᠮᠠᠯᠵᠢᠯ ᠤᠨ ᠲᠠᠯᠠᠪᠠᠶ ᠶᠢᠨ ᠠᠵᠢᠯᠲᠠᠨ ᠤ ᠪᠦᠲᠦᠴᠡ᠂ ᠭᠤᠣᠯ ᠮᠠᠯᠵᠢᠬᠤ ᠮᠠᠯ ᠤᠨ ᠡᠭᠦᠯᠳᠡᠷ ᠤᠨ ᠲᠠᠩᠰᠠ ᠡᠪᠬᠡᠮᠡᠯ᠂ ᠪᠡᠯᠡᠳᠬᠡᠮᠵᠢ ᠲᠥᠬᠦᠭᠡᠷᠦᠮᠵᠢ᠂ ᠵᠢᠯ ᠤᠨ ᠮᠠᠯᠵᠢᠭᠰᠠᠨ ᠪᠠᠶᠢᠳᠠᠯ᠂ ᠡᠪᠡᠰᠦ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠭᠰᠡᠨ ᠪᠠᠶᠢᠳᠠᠯ᠂ ᠮᠠᠯ ᠤᠨᠤᠭ᠎ᠠ ᠶᠢ ᠬᠤᠳᠠᠯᠳᠤᠭᠰᠠᠨ᠂ ᠬᠤᠳᠠᠯᠳᠤᠨ ᠠᠪᠤᠭᠰᠠᠨ ᠪᠠᠶᠢᠳᠠᠯ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠭᠰᠠᠨ ᠪᠠᠶᠢᠳᠠᠯ᠂ ᠮᠠᠯᠵᠢᠯ ᠤᠨ ᠲᠠᠯᠠᠪᠠᠶ ᠶᠢᠨ ᠣᠷᠣᠯᠭ᠎ᠠ᠂ ᠵᠠᠷᠤᠯᠭ᠎ᠠ ᠶᠢᠨ ᠲᠡᠮᠳᠡᠭᠯᠡᠯ ᠵᠡᠷᠭᠡ ᠪᠠᠭᠲᠠᠨ᠎ᠠ᠃    ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠨᠥᠬᠦᠴᠡᠯ    ᠦᠬᠡᠷ ᠬᠠᠰᠢᠬᠤ ᠵᠢᠶᠠᠰᠠ᠂ ᠬᠢᠨᠠᠨ ᠡᠵᠡᠮᠳᠡᠬᠦᠷ᠂ TMR ᠲᠡᠵᠢᠭᠡᠯ ᠪᠣᠷᠳᠤᠭ᠎ᠠ ᠵᠢᠭᠤᠷᠠᠬᠤ ᠮᠠᠰᠢᠨ ᠵᠡᠷᠭᠡ ᠣᠶᠤᠨᠴᠢᠯᠠᠭᠰᠠᠨ᠂ ᠣᠳᠣᠬᠢᠴᠢᠯᠠᠭᠰᠠᠨ ᠲᠥᠬᠦᠭᠡᠷᠦᠮᠵᠢ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠠᠯ ᠠᠵᠤ ᠠᠬᠤᠢ ᠳᠤ ᠬᠦᠴᠦᠨ ᠣᠯᠭᠤᠵᠤ᠂ ᠬᠥᠳᠡᠯᠮᠦᠷᠢ ᠬᠦᠴᠦ ᠶᠢ ᠢᠯᠡᠳᠲᠡ ᠠᠷᠪᠢᠯᠠᠵᠤ᠂ ᠦᠢᠯᠡᠳᠪᠦᠷᠢᠯᠡᠯ ᠤᠨ ᠠᠷᠭ᠎ᠠ ᠳᠤ ᠴᠢᠨᠠᠷ ᠤᠨ ᠬᠤᠪᠢᠷᠠᠯᠲᠠ ᠭᠠᠷᠭᠠᠵᠦ᠂ ᠬᠡᠯᠪᠡᠷᠢ ᠶᠢᠨ ᠬᠤᠪᠢᠷᠠᠯᠲᠠ ᠶᠢᠨ ᠦᠷ᠎ᠡ ᠪᠦᠲᠦᠮᠵᠢ ᠶᠢ ᠢᠯᠡᠳᠲᠡ ᠪᠤᠯᠭᠠᠨ᠎ᠠ᠃    ᠲᠠᠪᠤ᠂ ᠪᠤᠰᠤᠳ ᠵᠦᠢᠯ     ᠬᠤᠰᠢᠭᠤ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠡᠷᠡᠮᠡᠯᠵᠡᠯᠡᠬᠦ᠂ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ ᠵᠢᠴᠢ ᠶᠠᠪᠤᠴᠠ ᠶᠢᠨ ᠬᠠᠮᠢᠶᠠᠷᠤᠯᠲᠠ ᠶᠢ ︽ᠪᠠᠷᠠᠭᠤᠨ ᠦᠵᠦᠮᠦᠴᠢᠨ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃                    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2024 ᠣᠨ ᠤ 6 ᠰᠠᠷ᠎ᠠ ᠶᠢᠨ 6 ᠤ  ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号