ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾᠎ ᠤᠨ ᠭᠤᠣᠯ ᠰᠡᠳᠦᠪᠲᠦ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 7᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾᠎ ᠤᠨ ᠭᠤᠣᠯ ᠰᠡᠳᠦᠪᠲᠦ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ 286 ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠴᠢᠳ ᠲᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠪᠡᠯᠡᠭ ᠤᠨ ᠬᠠᠶᠢᠷᠴᠠᠭ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠵᠦᠩᠨᠡᠯ ᠳᠡᠪᠰᠢᠭᠦᠯᠪᠡ᠃
       ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ  ᠠᠵᠢᠯᠴᠢᠳ ᠤᠨ ᠤᠮᠠᠷᠠᠲᠤ ᠶᠢᠨ ᠠᠵᠢᠯᠴᠢᠨ ᠤ ᠬᠠᠷᠠᠭᠠᠯᠵᠠᠯ ᠤᠨ APP᠎ ᠶᠢ ᠬᠡᠷᠬᠢᠨ ᠬᠡᠷᠡᠭᠯᠡᠬᠦ ᠪᠠ ᠠᠵᠢᠯᠯᠠᠭ᠎ᠠ ᠳᠤ ᠣᠷᠣᠯᠴᠠᠬᠤ ᠶᠢ ᠵᠢᠭᠠᠨ ᠵᠢᠯᠤᠭᠤᠳᠴᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠴᠢᠳ ᠤᠨ ᠲᠦᠭᠡᠮᠡᠯ ᠬᠠᠷᠠᠭᠠᠯᠵᠠᠯ ᠤᠨ ᠦᠢᠯᠡᠴᠢᠯᠡᠭᠡ ᠪᠠ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠶᠢ ᠴᠢᠩᠭᠠᠳᠬᠠᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠴᠢᠳ ᠤᠨ ᠠᠵᠢᠯᠴᠢᠨ ᠤ ᠡᠪᠯᠡᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠲᠠᠯ᠎ᠠ ᠪᠠᠷ ᠠᠬᠢᠭᠤᠯᠵᠤ᠂  ᠠᠵᠢᠯᠴᠢᠳ ᠤᠨ  ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ  ᠲᠡᠬᠡᠭᠰᠢᠯᠠᠬᠦᠯᠦᠭᠰᠠᠨ ᠪᠠᠶᠢᠨ᠎ᠠ᠃
   ᠲᠣᠬᠤᠨᠢᠭᠤᠯᠬᠤ ᠠᠵᠢᠯᠯᠠᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾ ︽ᠠᠵᠢᠯᠴᠢᠨ ᠤ ᠡᠪᠯᠡᠯ ᠤᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ︽ᠠᠵᠢᠯᠴᠢᠨ ᠤ ᠡᠪᠯᠡᠯ ᠤᠨ ᠮᠡᠳᠡᠯᠭᠡ ᠶᠢᠨ ᠭᠠᠷ ᠳᠡᠪᠲᠡᠷ︾ ︽ᠠᠵᠢᠯᠴᠢᠨ ᠤ ᠡᠪᠯᠡᠯ ᠳᠤ ᠣᠷᠣᠬᠤ ᠶᠢᠨ ᠠᠷᠪᠠᠨ ᠶᠡᠭᠡ ᠠᠰᠢᠭ ᠲᠤᠰᠠ︾ ᠵᠡᠷᠭᠡ ᠤᠬᠠᠭᠤᠯᠬᠤ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号