ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ  ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/13
    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠥᠰᠥᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ᠃      ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶᠎ ᠤᠨ ᠬᠤᠪᠢᠴᠠᠭᠠᠲᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠣᠨ᠎ᠠ᠃      ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ     ᠰᠣᠩᠭᠤᠭᠳᠠᠭᠰᠠᠨ ᠎ ᠨᠢ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠥᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠥᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠣᠨ᠎ᠠ᠃      ᠣᠳᠣᠬᠠᠨ ᠳᠤ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠥᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠢ ᠲᠤᠰᠠᠯᠠᠮᠵᠢ ᠪᠣᠯᠪᠠ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号