ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ᠄ ᠤᠷᠤᠨ ᠨᠤᠳᠤᠭ ᠤᠨ ᠢᠶᠠᠨ ᠭᠦᠭᠵᠢᠯᠳᠠ ᠲᠠᠪᠰᠢᠯᠳᠠ ᠳᠤ ᠤᠳᠬ᠎ᠠ ᠰᠣᠶᠤᠯ ᠤᠨ ᠵᠢᠳᠬᠦᠯ ᠢᠶᠠᠨ ᠦᠵᠡᠬᠦᠯᠤᠨ᠎ᠠ
ᠨᠡᠶᠢᠲᠡᠯᠡᠭᠰᠡᠨ ᠴᠠᠭ᠄
2024/6/13
     ᠦᠢᠷ᠎ᠡ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ  ᠨᠢ  ᠵᠢᠷ ᠤᠨ ᠭᠤᠥᠯ ᠪᠠᠯᠭᠠᠰᠣᠨ ᠤ ᠬᠥᠭᠵᠢᠯᠲᠦ ᠭᠠᠴᠠᠭᠠᠨ ᠤ ᠮᠠᠯᠴᠢᠳ ᠲᠤ ︽ᠪᠠᠶᠠᠷ ᠪᠠᠭ᠋ᠠᠳᠤᠯ᠂ ᠰᠤᠶᠤᠯ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠬᠥᠳᠡᠯᠭᠡᠭᠡᠨ ᠥᠷᠨᠢᠭᠦᠯᠵᠦ᠂  ᠣᠯᠠᠨ ᠲᠥᠮᠡᠨ ᠢᠶᠠᠨ ᠪᠠᠶᠠᠷᠯᠠᠭᠤᠯᠬᠤ  ᠶᠢᠨ ᠲᠠᠭᠠᠤ ᠳᠠᠭᠠᠨ ᠣᠯᠠᠨ ᠲᠥᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠤᠯᠭ᠎ᠠ ᠶᠢ ᠬᠦᠷᠭᠡᠵᠦ᠂ ︽ᠨᠠᠮ ᠤᠨ ᠠᠴᠢ ᠡᠨᠡᠷᠢᠯ ᠢ ᠮᠡᠳᠡᠷᠡᠵᠦ᠂ ᠨᠠᠮ ᠤᠨ ᠦᠭᠡ ᠶᠢ ᠰᠣᠨᠤᠰᠴᠦ᠂ ᠨᠠᠮ ᠢᠶᠠᠨ ᠳᠠᠭᠠᠵᠤ ᠶᠠᠪᠤᠬᠤ︾ ᠢᠲᠡᠭᠡᠯ ᠵᠣᠷᠢᠭ ᠢ ᠨᠡᠩ ᠢᠯᠡᠭᠦᠦ ᠪᠠᠲᠤᠳᠬᠠᠭᠰᠠᠨ ᠪᠠᠶᠢᠨ᠎ᠠ  ᠃      ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠦᠷᠭᠦᠯᠵᠢᠯᠡᠨ  ︽ ᠤᠷᠠᠨ ᠰᠠᠶᠢᠬᠠᠨ ᠤ ᠲᠣᠭᠯᠠᠯᠲᠠ᠂ ᠤᠬᠠᠭᠤᠯᠭ᠎ᠠ  ᠬᠢᠬᠦ᠂ ᠬᠠᠪᠰᠤᠷᠤᠨ ᠵᠢᠯᠣᠭᠤᠳᠬᠤ᠂ ᠡᠭᠦᠳᠦᠨ ᠪᠥᠲᠥᠭᠡᠬᠦ᠂ ᠰᠢᠨ᠎ᠡ ᠶᠢ ᠡᠭᠦᠳᠬᠦ︾ ᠵᠠᠷᠴᠢᠮ ᠢ ᠪᠠᠷᠢᠮᠲᠠᠯᠠᠵᠤ᠂ ᠦᠨᠳᠦᠰᠦᠲᠡᠨ ᠤ ᠳᠠᠭᠤᠤ ᠪᠥᠵᠢᠭ ᠢᠶᠠᠷ ᠭᠤᠣᠯ ᠪᠣᠯᠭᠠᠵᠤ᠂ ᠠᠷᠠᠳ ᠤᠨ ᠳᠠᠭᠤᠤ᠂ ᠤᠷᠲᠤ ᠶᠢᠨ ᠳᠠᠭᠤᠤ᠂ ᠮᠣᠷᠢᠨ ᠬᠤᠭᠤᠷ ᠵᠡᠷᠭᠡ ᠪᠠᠷ ᠣᠷᠤᠨ ᠨᠤᠲᠤᠭ ᠤᠨ ᠣᠨᠴᠠᠯᠢᠭ ᠪᠣᠯᠭᠠᠨ᠂ ᠴᠠᠭ ᠦᠶ᠎ᠡ ᠶᠢ ᠮᠠᠭᠲᠠᠨ ᠳᠠᠭᠤᠯᠠᠵᠤ᠂ ᠲᠥᠪ ᠰᠤᠷᠲᠠᠯ ᠢ ᠪᠠᠳᠠᠷᠠᠭᠤᠯᠤᠨ᠂ ᠦᠨᠳᠦᠰᠦᠲᠡᠨ ᠤ ᠪᠥᠯᠬᠦᠮᠳᠡᠯ ᠢ ᠠᠬᠢᠭᠤᠯᠬᠤ ᠭᠤᠶᠢᠲᠠ ᠰᠠᠶᠢᠬᠠᠨ ᠲᠣᠭᠯᠠᠯᠲᠠ ᠶᠢ ᠵᠣᠬᠢᠶᠠᠨ ᠪᠦᠳᠦᠬᠡᠭᠰᠠᠨ ᠪᠠᠶᠢᠳᠠᠭ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠡᠯ᠎ᠡ ᠭᠠᠵᠠᠷ ᠲᠤ ᠭᠦᠨᠵᠡᠭᠡᠶᠢᠷᠡᠨ᠂ ᠭᠤᠶᠢᠲᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠮᠠᠯᠵᠢᠬᠤ ᠣᠷᠤᠨ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ ᠬᠦᠷᠭᠡᠨ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 140 ᠤᠳᠠᠭ᠎ᠠ ᠵᠣᠬᠢᠶᠠᠨ ᠪᠠᠶᠢᠭᠤᠯᠵᠤ᠂ ᠭᠤᠥᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ ᠤᠷᠠᠯᠢᠭ ᠢ ᠲᠥᠭᠡᠮᠡᠯᠵᠢᠭᠦᠯᠬᠦ ᠠᠵᠢᠯᠯᠠᠭ᠎ᠠ ᠶᠢ 21 ᠤᠳᠠᠭ᠎ᠠ ᠥᠷᠨᠢᠭᠦᠯᠵᠦ᠂ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 37 ᠤᠳᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠳᠤ 80 ᠤᠳᠠᠭ᠎ᠠ ᠬᠢᠴᠢᠶᠡᠯ ᠤᠨ ᠭᠠᠳᠠᠨᠠᠬᠢ ᠬᠠᠪᠰᠤᠷᠤᠨ ᠵᠢᠯᠤᠭᠤᠳᠤᠯᠭ᠎ᠠ ᠬᠢᠵᠦ᠂ ᠦᠵᠡᠭᠴᠢᠳ ᠤᠨ ᠲᠤᠭ᠎ᠠ161900 ᠬᠥᠮᠥᠨ ᠤᠳᠠᠭ᠎ᠠ ᠳᠤ  ᠭᠦᠷᠦᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠰᠢᠨ᠎ᠡ ᠶᠢ ᠡᠭᠦᠳᠬᠦ ᠰᠡᠳᠬᠢᠭᠦᠢ ᠪᠠ ᠰᠣᠳᠣᠨ ᠪᠥᠲᠥᠭᠡᠯ ᠤᠨ ᠦᠵᠡᠯ ᠤᠬᠠᠮᠰᠠᠷ ᠢᠶᠠᠨ ᠳᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠦ ᠶᠢᠨ ᠴᠤᠭᠴᠠ ᠶᠢᠨ ᠦᠵᠡᠯ ᠤᠬᠠᠮᠰᠠᠷ ᠢ ᠪᠠᠲᠤ ᠪᠣᠯᠭᠠᠬᠤ ᠪᠠᠷ ᠭᠤᠥᠯ ᠰᠢᠵᠢᠮ ᠪᠣᠯᠭᠠᠨ᠂ ᠦᠨᠳᠦᠰᠦᠲᠡᠨ ᠤ ᠪᠥᠯᠬᠦᠮᠳᠡᠯ ᠤᠨ ᠦᠯᠢᠭᠡᠷ ᠢ ᠭᠦᠨᠵᠡᠭᠡᠢ ᠠᠭᠤᠳᠠᠯᠵᠤ᠂ ᠤᠳᠬ᠎ᠠ ᠤᠷᠠᠯᠢᠭ ᠤᠨ ᠪᠥᠲᠥᠭᠡᠯ ᠢᠶᠠᠷ ᠦᠨᠳᠦᠰᠦᠲᠡᠨ ᠨᠦᠭᠦᠳ ᠤᠨ ᠣᠯᠠᠨ ᠲᠥᠮᠡᠨ ᠢ ᠬᠥᠲᠥᠯᠥᠨ ᠳᠠᠭᠠᠭᠤᠯᠵᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠦ ᠨᠠᠮ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠲᠤᠬᠠᠢ ᠵᠥᠪᠰᠢᠶᠡᠷᠡᠯ ᠢ ᠳᠠᠶᠢᠴᠢᠯᠠᠵᠤ᠂ ᠦᠨᠳᠦᠰᠦᠲᠡᠨ ᠤ ᠪᠥᠯᠬᠦᠮᠳᠡᠯ ᠤᠨ ᠬᠦᠴᠦᠨ ᠢ ᠨᠢᠭᠲᠠᠷᠠᠭᠤᠯᠵᠤ᠂  ᠰᠢᠨ᠎ᠡ ᠬᠡᠪ ᠨᠠᠮᠪᠠ ᠪᠠᠷ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠥᠯᠬᠦᠮᠳᠡᠯ ᠤᠨ ᠦᠷ᠎ᠡ ᠪᠥᠲᠥᠭᠡᠯ ᠢ ᠳᠡᠯᠭᠡᠨ  ᠦᠵᠡᠬᠦᠯᠦᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号