ᠤᠷᠳᠣ ᠶᠢᠨ ᠲᠠᠭᠤᠤ ᠪᠠᠨ ᠤᠯᠤᠰ ᠲᠠᠶᠠᠭᠠᠷ ᠢᠶᠠᠷ ᠮᠠᠳᠠᠷᠡᠬᠦᠯᠦᠨ ᠤᠯᠠᠮᠵᠢᠯᠠᠵᠦ ᠶᠠᠪᠤᠭ᠎ᠠ — ᠲᠠᠭᠤᠴᠢᠨ ᠰᠠᠴᠡᠨᠬᠡᠷᠡᠯ
ᠨᠡᠶᠢᠲᠡᠯᠡᠭᠰᠡᠨ ᠴᠠᠭ᠄
2024/6/13
    ᠦᠵᠦᠮᠦᠴᠢᠨ ᠣᠷᠳᠣ ᠶᠢᠨ ᠳᠠᠭᠤᠤ ᠨᠢ ᠤᠮᠠᠷᠠᠲᠤ ᠶᠢᠨ ᠲᠠᠯ᠎ᠠ ᠨᠤᠲᠤᠭ ᠤᠨ  ᠨᠡᠭᠦᠳᠡᠯᠴᠢᠨ ᠦᠨᠳᠦᠰᠦᠲᠡᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠬᠥᠳᠡᠯᠮᠦᠷᠢ ᠶᠢᠨ  ᠳᠤᠮᠳᠠ ᠡᠭᠦᠳᠦᠨ ᠪᠦᠲᠦᠭᠡᠭᠳᠡᠭᠰᠡᠨ ᠪᠦᠬᠡᠳ ᠤᠷᠳᠤ  ᠶᠢᠨ ᠳᠠᠭᠤᠤ ᠶᠢᠨ ᠬᠥᠭ ᠠᠶᠠᠰ ᠨᠢ ᠣᠷᠳᠣ ᠨᠠᠮᠤᠭᠤᠬᠠᠨ᠂ ᠰᠠᠨᠠᠭ᠎ᠠ ᠠᠬᠤᠢ ᠨᠢ ᠠᠭᠤᠵᠢᠮ᠂ ᠬᠥᠭ ᠠᠶᠠᠰ ᠨᠢ ᠴᠢᠮᠡᠭᠯᠡᠯ ᠤᠨ ᠰᠢᠨᠵᠢ ᠪᠠᠷ ᠮᠠᠰᠢ ᠪᠠᠶᠠᠯᠢᠭ ᠪᠠᠶᠢᠳᠠᠭ᠃ 2020 ᠣᠨ ᠤ 12 ᠰᠠᠷ᠎ᠠ ᠳᠤ᠂ ᠮᠣᠩᠭᠤᠯ ᠦᠨᠳᠦᠰᠦᠲᠡᠨ ᠤ ᠤᠷᠲᠤ ᠶᠢᠨ ᠳᠠᠭᠤᠤ ︵ᠦᠵᠦᠮᠦᠴᠢᠨ ᠤᠷᠲᠤ ᠶᠢᠨ ᠳᠠᠭᠤᠤ︶ ᠲᠠᠪᠤᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠵᠢᠭᠰᠠᠭᠠᠭᠳᠠᠪᠠ᠃     ᠦᠵᠦᠮᠦᠴᠢᠨ ᠤᠷᠳᠣ ᠶᠢᠨ ᠲᠠᠭᠤᠤ ᠪᠠᠨ ᠠᠮᠢᠠᠴᠢᠯᠠᠨ ᠬᠠᠮᠠᠭᠠᠯᠠᠵᠦ ᠶᠠᠪᠤᠭ᠎ᠠ ᠰᠠᠴᠡᠨᠬᠡᠷᠡᠯ ᠢ ᠲᠤᠷᠠᠳᠬᠤ ᠳᠤ ᠦᠵᠦᠮᠦᠴᠢᠨ ᠨᠤᠳᠤᠭ ᠤᠨ ᠬᠦᠮᠦᠨ ᠠᠷᠡᠳ ᠮᠠᠨᠢ ᠰᠠᠶᠢᠬᠠᠨ ᠬᠤᠭᠤᠯᠠᠢ ᠲᠠᠢ ᠰᠠᠶᠢᠨ ᠲᠠᠭᠤᠴᠢᠨ ᠬᠡᠮᠡᠳᠡᠭ᠃     ᠰᠠᠴᠡᠨᠬᠡᠷᠡᠯ 1966 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠦ ᠶᠢᠨ ᠭᠤᠣᠯ ᠰᠣᠮᠣᠨ ᠤ ᠶᠠᠷᠭᠠᠶᠢᠲᠦ ᠭᠠᠴᠠᠭᠠᠨ ᠤ ᠮᠠᠯᠴᠢᠨ ᠵᠠᠩᠴᠤᠪ ᠤᠨ ᠤᠤᠭᠠᠨ ᠬᠦᠦ ᠪᠣᠯᠣᠨ ᠵᠠᠶᠠᠭᠠᠵᠠᠢ᠂ ︽ᠤᠷᠠᠯᠢᠭ ᠤᠳᠣᠮ ᠲᠠᠮᠵᠢᠳᠠᠭ︾ ᠬᠡᠳᠡᠭᠴᠢᠯᠠᠨ ᠬᠠᠷᠠᠬᠠᠨ ᠪᠠᠭ᠎ᠠ ᠠᠴᠠ ᠪᠠᠨ ᠡᠵᠢ ᠶᠢᠨ ᠢᠶᠠᠨ ᠨᠦᠯᠤᠬᠡ ᠪᠠᠷ ᠤᠷᠲᠤ ᠶᠢᠨ ᠳᠠᠭᠤᠤ ᠪᠠᠨ ᠠᠶᠠᠯᠠᠭᠤᠯᠤᠨ ᠲᠠᠭᠤᠯᠠᠭᠰᠠᠭᠠᠷ᠂ 1984 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠵᠢᠯ ᠤᠨ ᠴᠢᠯᠦᠭᠡᠨ ᠤ ᠤᠯᠠᠭᠠᠨᠮᠥ᠋ᠴᠢᠷ ᠲᠤ ᠡᠯᠰᠡᠭᠳᠡᠨ ᠣᠷᠤᠵᠦ᠂ ᠤᠷᠠᠯᠢᠭ ᠤᠨ ᠠᠩᠬᠠᠨ ᠤ  ᠠᠶᠠᠨ ᠢᠶᠠᠨ ᠡᠬᠢᠯᠠᠬᠦᠯᠦᠭᠰᠠᠨ ᠪᠤᠯ᠂ 1986 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠳᠠᠭᠤᠴᠢᠨ ᠣᠳᠬᠠᠨᠪᠠᠭᠠᠲᠤᠷ ᠲᠤ ᠱᠠᠪᠢᠯᠠᠨ᠂ ᠭᠤᠴᠢ ᠭᠠᠷᠤᠢ ᠵᠢᠯ ᠤᠨ ᠲᠤᠷᠰᠢ᠂ ᠳᠠᠭᠤᠤ ᠤᠷᠠᠯᠢᠭ ᠤᠨ ᠥᠷᠭᠡᠨ ᠴᠢᠯᠦᠭᠡᠨ ᠳᠤ ᠥᠪᠡᠷ ᠤᠨ ᠶᠠᠰᠤᠨ ᠤ ᠬᠤᠭᠤᠯᠠᠢ ᠪᠠᠷ ᠢᠶᠠᠨ ᠬᠥᠮᠥᠨ ᠠᠷᠠᠳ ᠲᠤ ᠪᠠᠨ ᠲᠠᠨᠢᠭᠳᠠᠵᠦ ᠶᠠᠪᠤᠵᠡᠢ᠃     ᠭᠤᠴᠢ ᠭᠠᠷᠤᠢ ᠵᠢᠯ ᠤᠨ ᠲᠤᠷᠰᠢ᠂ ᠤᠷᠠᠯᠢᠭ ᠤᠨ ᠲᠠᠶᠢᠰᠠᠨ᠎ᠠ ᠬᠢᠯᠠᠷᠠᠭᠤᠯᠵᠦ ᠶᠠᠪᠤᠬᠤ ᠳᠠᠭᠠᠨ  ᠤᠯᠤᠰ ᠤᠷᠤᠨ᠂ ᠬᠤᠰᠢᠭᠤ ᠠᠶᠢᠮᠠᠭ᠂ ᠭᠠᠴᠠᠭ᠎ᠠ᠂ ᠨᠠᠶᠢᠷ ᠨᠠᠭᠠᠳᠣᠮ ᠤᠨ ᠤᠷᠤᠯᠳᠣᠭᠠᠨ ᠮᠦᠷᠦᠶᠢᠴᠠᠬᠡᠨ ᠢᠶᠠᠷ ᠠᠮᠵᠢᠯᠳᠠ ᠪᠦᠳᠦᠮᠵᠢ ᠪᠠᠨ ᠭᠠᠷᠭᠠᠵᠦ᠂ ᠳᠤᠮᠳᠠᠳᠤ ᠤᠯᠤᠰ ᠤᠨ ᠡᠪ ᠬᠠᠮᠲᠦ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ ᠳᠠᠯᠠᠨ ᠵᠢᠯ ᠤᠨ ᠤᠢ ᠳᠤ ᠵᠣᠷᠢᠭᠤᠯᠤᠭᠰᠠᠨ ᠤᠷᠤᠯᠳᠤᠭᠠᠨ ᠤ ᠲᠡᠷᠢᠭᠦᠨ ᠨᠡᠷ᠎ᠡ᠂ ᠪᠡᠭᠡᠵᠢᠩ ᠳᠤ ᠪᠣᠯᠤᠭᠰᠠᠨ ᠲᠥᠪ ᠲᠧᠯᠸᠢᠰ ᠤᠨ  ︽ᠪᠠᠷᠠᠭᠤᠨ  ᠣᠷᠣᠨ ᠤ ᠠᠷᠠᠳ ᠤᠨ ᠳᠠᠭᠤᠤ ᠶᠢᠨ ᠱᠠᠩᠨᠠᠯᠲᠦ ᠤᠷᠤᠯᠳᠤᠭᠠᠨ  ︾  ᠳᠤ ᠰᠢᠯᠢᠳᠡᠭ ᠳᠠᠭᠤᠴᠢᠨ ᠤ ᠴᠣᠯᠠ᠂ ᠣᠯᠠᠨ ᠤᠯᠤᠰ ᠤᠨ ᠲᠧᠯᠸᠢᠰ ᠱᠠᠩᠨᠠᠯᠲᠦ ᠤᠷᠤᠯᠳᠤᠭᠠᠨ ᠳᠤ ᠠᠷᠠᠳ ᠤᠨ ᠤᠷᠠᠯᠢᠭᠴᠢᠳ  ᠤᠨ ᠳᠤᠭᠤᠶᠢᠯᠠᠩ ᠳᠤ ︽ᠵᠠᠭᠤᠨᠨᠠᠰᠤᠲᠤ︾ ᠬᠤᠨᠳᠠᠭᠠᠲᠦ ᠤᠷᠲᠤ ᠶᠢᠨ ᠳᠠᠭᠤᠨ ᠤ ᠤᠷᠤᠯᠳᠤᠭᠠᠨ ᠤ ᠠᠵᠢᠯ ᠤᠨ ᠴᠢᠯᠥᠭᠡᠨ ᠤ ᠳᠤᠭᠤᠶᠢᠯᠠᠩ ᠤᠨ ᠲᠡᠷᠢᠭᠦᠨ ᠨᠡᠷ᠎ᠡ᠂ ᠰᠢᠯᠢ ᠶᠢᠨ ᠭᠤᠥᠯ ᠠᠶᠢᠮᠠᠭ ᠤᠨ ︽ᠯᠾᠵᠠᠪ︾ ᠬᠤᠨᠳᠠᠭᠠᠲᠦ ᠤᠷᠲᠤ ᠶᠢᠨ ᠳᠠᠭᠤᠨ ᠤ ᠤᠷᠤᠯᠳᠤᠭᠠᠨ ᠤ ᠠᠵᠢᠯ ᠤᠨ ᠴᠢᠯᠥᠭᠡᠨ ᠤ ᠳᠤᠭᠤᠶᠢᠯᠠᠩ ᠤᠨ ᠲᠡᠷᠢᠭᠦᠨ ᠨᠡᠷ᠎ᠡ ᠵᠡᠷᠬᠡ ᠤᠯᠠᠨ ᠰᠠᠶᠢᠬᠠᠨ ᠱᠠᠩᠨᠠᠯ ᠬᠦᠬᠢᠬᠦᠯᠤᠯ ᠢᠶᠠᠷ ᠤᠷᠠᠯᠢᠭ ᠤᠨ ᠤᠷᠳᠣ ᠠᠶᠠᠨ ᠳᠠᠬᠢ ᠠᠮᠵᠢᠯᠳᠠ ᠪᠦᠳᠦᠮᠵᠢ ᠪᠠᠨ ᠦᠨᠡᠯᠡᠬᠦᠯᠵᠦ ᠢᠷᠡᠭᠰᠠᠨ ᠢᠶᠠᠷ ᠪᠠᠷᠠᠬᠤ ᠦᠭᠡᠢ᠂ 2010᠂ 2011 ᠣᠨ ᠳᠤ ᠲᠥᠪ ᠤᠨ ᠲᠧᠯᠸᠢᠰ ᠬᠤᠷᠢᠶᠠᠨ ᠤ ᠰᠤᠶᠤᠯ ᠵᠠᠭᠤᠴᠢ ᠶᠢᠨ ᠺᠣᠮᠫᠠᠨᠢ ᠶᠢᠨ ᠤᠷᠢᠯᠭ᠎ᠠ ᠶᠢ ᠬᠦᠯᠢᠶᠡᠨ᠂  ᠤᠯᠠᠨ ᠨᠡᠷᠡᠲᠦ ᠤᠷᠠᠯᠢᠭᠴᠢᠳ ᠲᠠᠢ ᠬᠠᠮᠲᠦ ᠡᠸᠦ᠋ᠷᠦᠫᠡ ᠲᠢᠪ ᠤᠨ ᠨᠤᠷᠸᠠᠢ᠂ ᠳ᠋ᠠᠨᠮᠠᠷᠺ᠂ ᠪᠧᠯᠭᠢ᠂ ᠰᠸᠢᠰ᠂ ᠬᠤᠯᠠᠨᠳ᠋ ᠵᠡᠷᠭᠡ ᠤᠯᠤᠰ ᠤᠳ ᠢᠶᠠᠷ ᠲᠣᠭᠤᠷᠢᠨ ᠲᠤᠭᠯᠠᠵᠤ ᠦᠵᠦᠮᠦᠴᠢᠨ ᠠᠷᠠᠳ ᠤᠨ ᠤᠷᠲᠤ ᠶᠢᠨ ᠳᠠᠭᠤᠤ ᠪᠠᠨ ᠠᠯᠤᠰ ᠳᠠᠯᠠᠢ ᠶᠢᠨ ᠣᠷᠣᠨ ᠳᠤ ᠳᠠᠭᠤᠯᠠᠨ ᠲᠣᠯᠢᠳᠠᠭᠤᠯᠵᠦ ᠶᠠᠪᠤᠵᠠᠢ᠃     2009 ᠣᠨ ᠤ 3 ᠰᠠᠷ᠎ᠠ ᠳᠤ᠂ ᠰᠠᠴᠡᠨᠬᠡᠷᠡᠯ ᠰᠢᠯᠢ ᠶᠢᠨ ᠭᠤᠥᠯ ᠠᠶᠢᠮᠠᠭ ᠤᠨ ᠪᠣᠳᠠᠰ ᠤᠨ ᠪᠣᠰᠤ ᠰᠤᠶᠤᠯ ᠤᠨ ᠥᠪ ᠤᠨ ᠤᠷᠲᠤ ᠶᠢᠨ ᠳᠠᠭᠤᠨ ᠤ ᠥᠪᠯᠡᠨ ᠤᠯᠠᠮᠵᠢᠯᠠᠭᠴᠢ᠂ ᠮᠦᠨ ᠲᠤᠰ ᠵᠢᠯ ᠤᠨ 6 ᠰᠠᠷ᠎ᠠ ᠳᠤ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠪᠣᠳᠠᠰ ᠤᠨ ᠪᠣᠰᠤ ᠰᠤᠶᠤᠯ ᠤᠨ ᠥᠪ ᠤᠨ ᠤᠷᠲᠤ ᠶᠢᠨ ᠳᠠᠭᠤᠨ ᠤ ᠥᠪᠯᠡᠨ ᠤᠯᠠᠮᠵᠢᠯᠠᠭᠴᠢ ᠪᠠᠷ ᠰᠣᠩᠭᠤᠭᠳᠠᠭᠰᠠᠨ ᠪᠠᠶᠢᠨ᠎ᠠ᠃ ᠡᠶᠢᠨᠬᠦ ᠦᠪᠯᠠᠨ ᠤᠯᠠᠮᠵᠢᠯᠠᠭᠴᠢ ᠪᠤᠯᠤᠭᠰᠠᠨ  ᠠᠴᠠ ᠨᠠᠰᠢ᠂ ᠪᠥᠬᠦ ᠬᠤᠰᠢᠭᠤᠨ ᠤ ᠤᠷᠲᠤ ᠶᠢᠨ ᠳᠠᠭᠤᠴᠢᠳ ᠪᠠ ᠤᠷᠳᠣ ᠶᠢᠨ ᠲᠠᠭᠤᠨ ᠳᠤ ᠳᠤᠷ᠎ᠠ ᠪᠠᠭ᠋ᠠᠲᠠᠢ ᠬᠥᠮᠥᠰ ᠲᠤ ᠲᠣᠭᠲᠠᠮᠠᠯ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠪᠣᠯᠪᠠᠰᠤᠷᠠᠯ ᠬᠦᠷᠲᠡᠭᠡᠵᠦ᠂ ᠦᠢ ᠣᠯᠠᠨ  ᠰᠣᠷᠣᠭᠴᠢ ᠬᠦᠮᠦᠵᠢᠬᠦᠯᠬᠦ ᠶᠢᠨ ᠵᠡᠷᠭᠡ ᠳᠤ᠂ ᠰᠤᠷᠭᠠᠭᠤᠯᠢ ᠳᠤ ᠤᠷᠲᠤ   ᠶᠢᠨ  ᠲᠠᠭᠤᠨ ᠤ ᠬᠢᠴᠢᠶᠡᠯ ᠤᠷᠤᠵᠦ᠂ ᠠᠮᠠ ᠲᠠᠮᠵᠢᠨ ᠤᠯᠠᠮᠵᠢᠯᠠᠭᠳᠠᠵᠦ ᠢᠷᠡᠭᠰᠠᠨ ᠣᠷᠳᠣ ᠶᠢᠨ ᠳᠠᠭᠤᠤ ᠪᠠᠨ ᠵᠢᠭᠠᠨ ᠰᠣᠷᠭᠠᠯᠳᠠ ᠶᠢᠨ ᠲᠠᠩᠬᠢᠮ ᠳᠤ ᠭᠦᠷᠬᠡᠵᠦ᠂ ᠤᠮᠠᠷᠠᠲᠤ ᠬᠢᠯᠢ ᠶᠢᠨ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠪᠠ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃     2014 ᠣᠨ ᠠᠴᠠ ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠣᠷᠳᠣ ᠶᠢᠨ ᠲᠭᠤᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠬᠠᠤᠯᠢ ᠶᠢᠨ ᠡᠷᠬᠡᠲᠡᠨ ᠵᠡᠷᠭᠡ ᠲᠤᠰᠢᠶᠠᠯ ᠢ ᠬᠠᠷᠢᠭᠤᠴᠠᠵᠦ᠂ ᠦᠵᠦᠮᠦᠴᠢᠨ ᠣᠷᠳᠣ ᠶᠢᠨ ᠳᠠᠭᠤᠤ ᠶᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠢᠳᠡᠪᠬᠢᠲᠡᠢ ᠬᠢᠵᠦ᠂ ᠠᠷᠠᠳ ᠤᠨ ᠳᠤᠮᠳᠠᠬᠢ ᠣᠷᠳᠣ ᠶᠢᠨ ᠳᠠᠭᠤᠴᠢᠨ᠂ ᠠᠵᠢᠯ ᠲᠥᠷᠥᠯ ᠤᠨ ᠬᠥᠮᠥᠰ ᠢ ᠤᠷᠢᠵᠤ ᠣᠷᠳᠣ ᠶᠢᠨ ᠲᠠᠭᠤᠤ  ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠣᠷᠳᠣ ᠶᠢᠨ ᠲᠠᠭᠤᠨ ᠤ ᠮᠡᠳᠡᠯᠭᠡ ᠶᠢ ᠵᠢᠭᠠᠵᠦ ᠢᠷᠡᠭᠰᠠᠨ ᠶᠤᠮ᠃ ᠡᠭᠦᠨ ᠠᠴᠠ ᠭᠠᠳᠠᠨ᠎ᠠ᠂ ᠵᠢᠯ ᠪᠦᠷᠢ ᠦᠵᠦᠮᠦᠴᠢᠨ ᠤ ᠤᠷᠲᠤ  ᠶᠢᠨ ᠠᠶᠠᠯᠭᠤ ᠶᠢᠨ ᠲᠣᠮᠣ ᠱᠠᠩᠨᠠᠯᠲᠤ ᠤᠷᠤᠯᠳᠤᠭᠠᠨ ᠢ ᠵᠣᠬᠢᠶᠠᠨ ᠪᠠᠶᠢᠭᠤᠯᠵᠤ᠂ ᠤᠯᠠᠮᠵᠢᠯᠠᠭᠴᠢ ᠶᠢᠨ ᠮᠠᠲ᠋ᠧᠷᠢᠶᠠᠯ ᠢ ᠠᠭᠤᠳᠠᠯᠤᠨ ᠴᠤᠭᠯᠠᠭᠤᠯᠵᠤ᠂ ᠳᠠᠩᠰᠠ ᠡᠪᠬᠡᠮᠡᠯ ᠢ ᠪᠠᠶᠢᠭᠤᠯᠤᠨ  ᠲᠠᠭᠦᠯᠳᠠᠷᠵᠢᠬᠦᠯᠦᠭᠰᠠᠨ ᠪᠠᠶᠢᠨ᠎ᠠ᠃     ᠦᠵᠦᠮᠦᠴᠢᠨᠴᠣᠳ ᠤᠨ ᠤᠤᠭᠠᠯ ᠰᠣᠶᠤᠯ ᠤᠨ ᠤᠢ ᠰᠢᠯᠢᠳᠡᠭ ᠪᠤᠯᠤᠭᠰᠠᠨ ᠤᠷᠳᠣ ᠶᠢᠨ ᠲᠠᠭᠤᠤ ᠪᠠᠨ ᠤᠯᠤᠰ ᠲᠠᠶᠠᠭᠠᠷ ᠲᠤ ᠮᠠᠳᠠᠷᠡᠬᠦᠯᠦᠨ᠂ ᠦᠷ᠎ᠠ ᠬᠤᠶᠢᠴᠢᠰ ᠲᠤ ᠪᠠᠨ ᠦᠪᠯᠠᠨ ᠦᠯᠠᠳᠠᠬᠡᠬᠦ ᠪᠠᠷ ᠴᠢᠷᠮᠠᠶᠢᠨ ᠠᠵᠢᠯᠯᠠᠵᠦ ᠶᠠᠪᠤᠬᠤ ᠳᠠᠭᠠᠨ ᠰᠠᠴᠡᠨᠬᠡᠷᠡᠯ ᠳᠤᠮᠳᠠᠳᠤ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠵᠣᠷᠢᠭᠤᠯᠵᠦ᠂ ᠦᠵᠦᠮᠦᠴᠢᠨ ᠠᠷᠠᠳ ᠤᠨ ᠳᠠᠭᠤᠤ ︽ᠶᠡᠭᠡ ᠪᠣᠭᠳᠠ ᠪᠣᠯᠭᠠᠨ ᠬᠠᠩᠭᠠᠢ︾ ᠭᠡᠬᠦ CD ᠪᠢᠴᠢᠯᠭᠡ ᠪᠠᠨ ᠰᠣᠨᠤᠰᠤᠭᠴᠢᠳ ᠤᠨ ᠢᠶᠠᠨ ᠠᠯᠲᠠᠨ ᠰᠤᠨᠤᠷ ᠲᠤ ᠭᠦᠷᠬᠡᠵᠦ᠂ ᠪᠤᠯᠠᠭ ᠬᠠᠩᠭᠠᠢ ᠨᠠᠷᠠᠮᠵᠢᠲᠦ ᠪᠠᠭᠠᠴᠤᠳ ᠬᠡᠥᠬᠡᠳ ᠤᠨ ᠤᠷᠲᠤ ᠶᠢᠨ ᠳᠠᠭᠤᠨ ᠤ ᠤᠷᠤᠯᠳᠤᠭᠠᠨ ᠂ 2023 ᠣᠨ ᠤ ᠪᠥᠬᠦ ᠬᠤᠰᠢᠭᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠵᠤᠬᠢᠶᠠᠨ ᠪᠠᠶᠢᠭᠤᠯᠬᠤ ᠠᠵᠢᠯ ᠳᠤ ᠢᠳᠠᠪᠬᠢᠳᠠᠢ ᠤᠷᠤᠯᠴᠠᠵᠦ ᠶᠠᠪᠤᠭᠰᠠᠨ ᠮᠦᠷᠳᠠᠬᠡᠨ ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠪᠥᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ ᠳᠤ ᠣᠨᠴᠠ ᠤᠷᠢᠭᠳᠠᠨ ᠤᠷᠤᠯᠴᠠᠭᠰᠠᠨ ᠪᠠᠶᠢᠳᠠᠭ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号