ᠲᠣᠭᠯᠠᠭᠴᠢ ᠡᠯᠰᠡᠬᠦ ᠪᠠ ᠦᠯᠢᠭᠡᠷ ᠴᠤᠭᠯᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/13
       ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ᠄        ᠤᠯᠠᠨ ᠢᠶᠠᠷ ᠢᠶᠠᠨ ᠰᠠᠶᠢᠨ ᠪᠠᠶᠢᠨ᠎ᠠ ᠦᠦ︕ ᠮᠠᠨ ᠤ ᠵᠦᠴᠦᠭᠡ ᠶᠢᠨ ᠳᠤᠭᠤᠶᠢᠯᠠᠩ ᠤᠨ ᠬᠢᠨ ︽99 ᠨᠣᠮᠧᠷᠲᠤ ᠵᠠᠰᠠᠮᠠᠯ ᠵᠠᠮ︾ ᠭᠡᠬᠦ ᠰᠦᠯᠵᠢᠶᠡᠨ ᠤ ᠣᠬᠤᠷ ᠵᠦᠴᠦᠭᠡ ᠪᠠᠨ ᠰᠢᠩᠭᠡᠭᠡᠨ ᠦᠢᠯᠡᠳᠬᠦ ᠠᠵᠢᠯ ᠢᠶᠠᠨ ᠡᠬᠢᠯᠡᠭᠦᠯᠬᠦ ᠲᠠᠰᠢᠷᠠᠮ ᠢᠶᠠᠷ ᠲᠠ ᠪᠦᠬᠦᠨ ᠳᠤ ᠴᠢᠩ ᠰᠡᠳᠬᠢᠯ ᠤᠨ ᠤᠷᠢᠯᠭ᠎ᠠ ᠪᠠᠨ ᠳᠡᠪᠰᠢᠭᠦᠯᠵᠦ ᠪᠠᠶᠢᠨ᠎ᠠ᠂ ᠲᠤᠰ ᠣᠬᠤᠷ ᠵᠦᠴᠦᠭᠡ ᠳᠤ ᠣᠷᠣᠯᠴᠬᠠᠤ ᠳᠤᠷᠠᠲᠠᠢ ᠲᠣᠭᠯᠠᠭᠴᠢ ᠡᠯᠰᠡᠬᠦ ᠶᠢᠨ ᠬᠠᠮᠲᠤ ᠪᠠᠰᠠ ᠪᠠᠷᠠᠭᠤᠨ ᠦᠵᠦᠮᠦᠴᠢᠨ ᠬᠤᠰᠢᠭᠤᠨ ᠤ ᠲᠤᠬᠠᠢ ᠦᠯᠢᠭᠡᠷ ᠤᠨ ᠪᠣᠷᠣ ᠮᠠᠲ᠋ᠧᠷᠢᠶᠠᠯ ᠢ ᠢᠯᠡ ᠪᠠᠷ ᠴᠤᠭᠯᠠᠭᠤᠯᠵᠤ ᠪᠠᠶᠢᠬᠤ ᠪᠠᠨ ᠠᠳᠡ ᠮᠡᠳᠡᠭᠳᠡᠶ᠎ᠡ᠃       ᠤᠷᠠᠯᠢᠭ ᠲᠣᠭᠯᠠᠯᠲᠠ ᠶᠢᠨ ᠦᠢᠯᠡᠰ ᠲᠤ ᠳᠤᠷ᠎ᠠ ᠪᠠᠬ᠎ᠠ ᠲᠠᠢ᠂ ᠲᠣᠭᠯᠠᠬᠤ ᠤᠷ᠎ᠠ ᠠᠪᠢᠶᠠᠰ ᠲᠠᠢ ᠲᠠ ᠨᠠᠷ ᠢᠳᠡᠪᠬᠢᠲᠡᠢ ᠨᠡᠷ᠎ᠡ ᠮᠡᠳᠡᠭᠦᠯᠦᠨ᠂ ︽99 ᠨᠣᠮᠧᠷᠲᠤ ᠵᠠᠰᠠᠮᠠᠯ ᠵᠠᠮ︾ ᠭᠡᠬᠦ ᠰᠦᠯᠵᠢᠶᠡᠨ ᠤ ᠣᠬᠤᠷ ᠵᠦᠴᠦᠭᠡ ᠶᠢ ᠬᠠᠮᠲᠤᠪᠠᠷ ᠠᠮᠢᠯᠠᠭᠤᠯᠤᠨ ᠲᠣᠭᠯᠠᠵᠤ᠂ ᠦᠵᠡᠭᠴᠢ ᠲᠦᠮᠡᠨ ᠳᠡᠭᠡᠨ ᠬᠦᠷᠭᠡᠬᠦ ᠶᠢ ᠬᠦᠰᠡᠵᠦ ᠪᠠᠶᠢᠨ᠎ᠠ᠃       ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤᠨ ᠤ ᠲᠤᠬᠠᠢ ᠥᠯᠢᠭᠡᠷ ᠤᠳ ᠢ ᠰᠣᠨᠣᠰᠬᠤ ᠶᠢ ᠶᠡᠬᠡᠳᠡ ᠬᠦᠰᠡᠵᠦ ᠪᠠᠶᠢᠨ᠎ᠠ᠃ ᠲᠠᠨ ᠤ ᠪᠡᠶ᠎ᠡ ᠪᠠᠷ ᠢᠶᠠᠨ ᠲᠤᠭᠤᠯᠵᠤ ᠥᠩᠭᠡᠷᠡᠭᠦᠯᠦᠭᠰᠡᠨ ᠶᠡᠭᠡ ᠪᠠᠭ᠎ᠠ ᠦᠯᠢᠭᠡᠷ ᠶᠠᠪᠤᠳᠠᠯ᠂ ᠡᠰᠡᠬᠦᠯ᠎ᠡ ᠲᠠᠨ ᠤ ᠰᠣᠨᠣᠰᠴᠤ ᠳᠤᠭᠤᠯᠤᠭᠰᠠᠨ ᠦᠯᠢᠭᠡᠷ ᠨᠢ ᠵᠦᠴᠦᠭᠡ ᠶᠢᠨ ᠦᠢᠯᠡ ᠶᠠᠪᠤᠳᠠᠯ ᠤᠨ ᠵᠣᠬᠢᠶᠠᠨ ᠪᠦᠲᠦᠭᠡᠯᠭᠡ ᠶᠢᠨ ᠡᠬᠢ ᠪᠤᠯᠠᠭ ᠪᠣᠯᠵᠤ ᠮᠡᠳᠡᠨ᠎ᠡ᠃ ᠲᠠ ᠪᠦᠬᠦᠨ ᠤ ᠮᠡᠳᠡᠳᠡᠭ ᠦᠯᠢᠭᠡᠷ ᠢᠶᠠᠨ ᠪᠢᠳᠡᠨ ᠲᠠᠢ ᠬᠤᠪᠢᠶᠠᠯᠴᠠᠨ᠂ ᠪᠠᠷᠠᠭᠤᠨ ᠦᠵᠦᠮᠦᠴᠢᠨ ᠬᠤᠰᠢᠭᠤᠨ ᠤ ᠲᠤᠬᠠᠢ ᠰᠣᠶᠣᠯ ᠤᠨ ᠭᠠᠶᠢᠬᠠᠮᠰᠢᠭ ᠢ ᠬᠠᠮᠲᠤᠪᠠᠷ ᠳᠡᠯᠭᠡᠨ ᠬᠠᠷᠠᠭᠤᠯᠬᠤ ᠶᠢ ᠬᠦᠰᠡᠵᠦ ᠪᠠᠶᠢᠨ᠎ᠠ᠃     ᠨᠡᠷ᠎ᠡ ᠮᠡᠳᠡᠭᠦᠯᠬᠦ ᠪᠠ ᠡᠬᠡ ᠪᠢᠴᠢᠭ ᠢᠯᠡᠭᠡᠬᠦ ᠠᠷᠭ᠎ᠠ᠄     1. ᠨᠡᠷ᠎ᠡ ᠮᠡᠳᠡᠭᠦᠯᠬᠦ ᠲᠣᠭᠯᠠᠭᠴᠢᠳ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠲᠥᠪ ᠤᠨ 9 ᠳ᠋ᠦ᠋ᠭᠡᠷ ᠳᠠᠪᠬᠤᠷᠭ᠎ᠠ ᠶᠢᠨ ᠦᠢᠯᠡᠰ ᠵᠢᠭᠤᠯᠴᠢᠯᠠᠯ ᠤᠨ ᠠᠵᠤ ᠦᠢᠯᠡᠰ ᠤᠨ  ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠨᠡᠷ᠎ᠡ ᠮᠡᠳᠡᠭᠦᠯᠬᠦ ᠬᠦᠰᠦᠨᠦᠭᠲᠦ ᠶᠢ ᠲᠠᠭᠯᠠᠬᠤ ᠶᠢᠨ ᠬᠠᠮᠲᠤ᠂ ᠬᠤᠪᠢ ᠬᠥᠮᠥᠨ ᠤ ᠲᠣᠪᠴᠢ ᠨᠠᠮᠲᠠᠷ ᠵᠢᠴᠢ ᠣᠶᠢᠷ᠎ᠠ ᠶᠢᠨ ᠬᠤᠭᠤᠴᠠᠭᠠᠨ ᠤ ᠬᠡᠷᠡᠯ ᠵᠢᠷᠤᠭ ᠢᠶᠠᠨ ᠲᠤᠰᠢᠶᠠᠭᠠᠷᠠᠢ᠃ ᠬᠤᠪᠢ ᠬᠥᠮᠥᠨ ᠤ ᠮᠡᠳᠡᠭᠡ ᠵᠠᠩᠭᠢ ᠪᠠᠨ ᠢᠮᠧᠯ ᠢᠶᠠᠷ ᠢᠯᠡᠭᠡᠭᠰᠡᠨ ᠴᠤ ᠪᠣᠯᠣᠨ᠎ᠠ᠂ ᠢᠮᠧᠯ ᠤᠨ ᠬᠠᠶ᠋ᠭ᠄ 124896091@qq.com᠂ ᠢᠮᠧᠯ ᠢᠯᠡᠭᠡᠬᠦ ᠳᠡᠭᠡᠨ ᠭᠤᠣᠯ ᠰᠡᠳᠦᠪ ᠲᠤ ᠨᠢ ︽99 ᠨᠣᠮᠧᠷᠲᠤ ᠵᠠᠰᠠᠮᠠᠯ ᠵᠠᠮ︾ ᠤᠨ ᠲᠣᠭᠯᠠᠭᠴᠢ ᠪᠠᠷ ᠨᠡᠷ᠎ᠡ ᠮᠡᠳᠡᠭᠦᠯᠦᠨ᠎ᠡ ᠭᠡᠵᠦ ᠲᠣᠳᠣᠷᠬᠠᠶᠢᠯᠠᠨ᠎ᠠ᠃     2. ᠦᠯᠢᠭᠡᠷ ᠤᠨ ᠡᠬᠡ ᠪᠢᠴᠢᠭ ᠢᠯᠡᠭᠡᠬᠦ ᠢᠮᠧᠯ᠄ 124896091@qq.com᠂ ᠢᠮᠧᠯ  ᠢᠯᠡᠭᠡᠬᠦ ᠳᠡᠭᠡᠨ ᠭᠤᠣᠯ ᠰᠡᠳᠦᠪ ᠲᠤ ᠨᠢ ︽99 ᠨᠣᠮᠧᠷᠲᠤ ᠵᠠᠰᠠᠮᠠᠯ ᠵᠠᠮ︾ ᠦᠯᠢᠭᠡᠷ ᠴᠤᠭᠯᠠᠬᠤ ᠳᠤ ᠢᠯᠡᠭᠡᠬᠦ ᠨᠢ ᠭᠡᠵᠦ ᠲᠣᠳᠣᠷᠬᠠᠶᠢᠯᠠᠨ᠎ᠠ᠃    ᠨᠡᠷ᠎ᠡ ᠮᠡᠳᠡᠭᠦᠯᠬᠦ ᠴᠠᠭ ᠪᠠ ᠡᠬᠡ ᠪᠢᠴᠢᠭ ᠢᠯᠡᠭᠡᠬᠦ ᠡᠳᠦᠷ ᠬᠤᠭᠤᠴᠠᠭ᠎ᠠ ᠨᠢ 2024 ᠣᠨ ᠤ 7 ᠰᠠᠷ᠎ᠠ   ᠶᠢᠨ 1 ᠤ ᠡᠳᠦᠷ ᠪᠣᠯᠣᠨ᠎ᠠ᠂ ᠴᠠᠭ ᠢ ᠠᠮᠵᠢᠭᠠᠷᠠᠢ  ᠃     ᠲᠠ ᠨᠠᠷ ᠤᠨ ᠢᠳᠡᠪᠬᠢᠲᠡᠢ ᠣᠷᠣᠯᠴᠠᠬᠤ ᠶᠢ ᠴᠢᠩ ᠰᠡᠳᠬᠢᠯ ᠠᠴᠠ ᠪᠠᠨ ᠬᠦᠰᠡᠨ ᠬᠦᠯᠢᠶᠡᠵᠦ ᠪᠠᠶᠢᠨ᠎ᠠ᠃ ᠲᠠ ᠨᠠᠷ ᠤᠨ ᠳᠡᠮᠵᠢᠯᠭᠡ ᠳᠣᠣᠷ᠎ᠠ᠂ ᠦᠵᠡᠭᠴᠢ ᠲᠦᠮᠡᠨ ᠤ ᠪᠠᠬ᠎ᠠ ᠶᠢ ᠲᠠᠲᠠᠭᠰᠠᠨ ᠣᠬᠤᠷ ᠵᠦᠴᠦᠭᠡ ᠶᠢ ᠵᠣᠬᠢᠶᠠᠨ ᠪᠦᠲᠦᠭᠡᠵᠦ᠂ ᠨᠠᠩ ᠣᠯᠠᠨ ᠬᠥᠮᠥᠰ ᠲᠤ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠮᠡᠳᠡᠷᠡᠭᠦᠯᠦᠨ᠎ᠡ ᠭᠡᠳᠡᠭ ᠲᠤ ᠢᠲᠡᠭᠡᠵᠦ ᠪᠠᠶᠢᠨ᠎ᠠ᠃              ︽99 ᠨᠣᠮᠧᠷᠲᠤ ᠵᠠᠰᠠᠮᠠᠯ ᠵᠠᠮ  ︾ ᠵᠦᠴᠦᠭᠡ ᠶᠢᠨ ᠳᠤᠭᠤᠶᠢᠯᠠᠩ                         2024 ᠣᠨ ᠤ 6 ᠰᠠᠷ᠎ᠠ ᠶᠢᠨ 9 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号