ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ  ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/13
    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠥᠰᠥᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ᠃      ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢᠴᠠᠭᠠᠲᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠲᠦᠩᠯᠢᠶᠣᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠣᠨ᠎ᠠ᠃      ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ     ᠰᠣᠩᠭᠤᠭᠳᠠᠭᠰᠠᠨ  ᠨᠢ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠥᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠥᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠣᠨ᠎ᠠ᠃      ᠣᠳᠣᠬᠠᠨ ᠳᠤ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠥᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠢ ᠲᠤᠰᠠᠯᠠᠮᠵᠢ ᠪᠣᠯᠪᠠ᠃  
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号