ᠪᠠᠷᠠᠭᠤᠨ ᠦᠵᠦᠮᠦᠴᠢᠨ ᠬᠤᠰᠢᠭᠤ ᠡᠯ᠎ᠠ ᠭᠠᠵᠠᠷ ᠤᠷᠤᠨ ᠳᠤ ᠬᠦᠷᠴᠦ ︽99 ᠨᠣᠮᠧᠷᠲᠤ ᠵᠠᠰᠠᠮᠠᠯ ᠵᠠᠮ︾ ᠵᠢᠭᠤᠯᠴᠢᠯᠠᠯ ᠤᠨ ᠲᠠᠨᠢᠯᠴᠠᠭᠤᠯᠭ᠎ᠠ ᠶᠢᠨ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
     ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ  ︽99 ᠨᠣᠮᠧᠷᠲᠤ ᠵᠠᠰᠠᠮᠠᠯ ᠵᠠᠮ︾᠎ ᠢ ᠪᠦᠬᠦ ᠤᠯᠤᠰ ᠤᠨ ᠡᠯ᠎ᠠ ᠭᠠᠵᠠᠷ ᠤᠷᠤᠨ ᠳᠤ ᠲᠠᠨᠢᠭᠤᠯᠵᠤ᠂  ᠪᠦᠬᠦ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠰ ᠤᠨ ᠥᠷᠨᠢᠭᠦᠨ ᠬᠥᠭᠵᠢᠯᠲᠡ ᠶᠢ ᠠᠬᠢᠭᠤᠯᠤᠨ᠂ ᠤᠷᠤᠨ ᠨᠤᠳᠤᠭ ᠤᠨ ᠰᠤᠶᠤᠯ ᠵᠢᠭᠤᠯᠴᠢᠯᠠᠯ ᠤᠨ ᠨᠠᠷ᠎ᠠ ᠠᠯᠳᠠᠷᠰᠢᠯ ᠢ ᠲᠡᠬᠡᠭᠰᠢᠯᠠᠬᠦᠯᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤ ᠨᠢ 2024 ᠣᠨ ᠤ 4 ᠰᠠᠷ᠎ᠠ ᠶᠢᠨ 10᠎ ᠤ ᠡᠳᠦᠷ ᠠᠴᠠ 6 ᠰᠠᠷ᠎ᠠ ᠶᠢᠨ 2᠎ ᠤ ᠡᠳᠦᠷ ᠪᠣᠯᠲᠠᠯ᠎ᠠ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠵᠢᠭᠤᠯᠴᠢᠯᠠᠯ ᠤᠨ ᠲᠣᠭᠤᠷᠢᠨ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠪᠠ᠃     8 ᠡᠳᠦᠷ ᠤᠨ ᠲᠤᠷᠰᠢ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯᠲᠠᠳ 6 ᠮᠣᠵᠢ ᠤᠷᠤᠨ  ᠳᠠᠮᠵᠢᠨ ᠨᠠᠢᠮᠠᠨ ᠮᠢᠩᠭ᠎ᠠ ᠢᠯᠡᠭᠦᠦ  ᠺᠢᠯᠤᠮᠧᠲᠷ ᠠᠶᠠᠯᠠᠵᠤ᠂ ᠤᠷᠢᠳ ᠬᠤᠵᠢᠳ ᠴᠦᠩᠴᠢᠩ᠂ ᠬᠤᠸᠠᠩᠱᠠᠨ᠂ ᠯᠧ ᠴᠢᠩ᠂ ᠱᠠᠨᠳᠦ᠋ᠩ ᠤᠨ ᠴᠧᠩ ᠡᠦ᠂ ᠱᠠᠩᠬᠠᠢ᠂ ᠳ᠋ᠧ ᠴᠢᠩ᠂ ᠰᠢᠨ ᠴᠠᠩ᠂ ᠬᠥᠬᠡᠬᠤᠲᠠ  ᠵᠡᠷᠭᠡ ᠨᠠᠢᠮᠠᠨ ᠬᠤᠲᠠ ᠳᠤ ᠬᠦᠷᠴᠦ᠂ 99 ᠨᠣᠮᠧᠷᠲᠤ ᠵᠠᠰᠠᠮᠠᠯ ᠵᠠᠮ ᠪᠠ ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ ᠢᠶᠠᠷ ᠭᠤᠥᠯ ᠪᠣᠯᠭᠠᠨ ᠦᠵᠦᠮᠦᠴᠢᠨ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠠᠢ᠃     ᠲᠠᠨᠢᠯᠴᠠᠭᠤᠯᠭ᠎ᠠ ᠶᠢᠨ ᠬᠤᠷᠠᠯ ᠤᠨ ᠠᠬᠤᠢ ᠲᠠᠯᠠᠪᠠᠢ ᠳᠤ᠂ ᠤᠷᠠᠨ ᠰᠠᠶᠢᠬᠠᠨ ᠤ ᠲᠣᠭᠯᠠᠯᠲᠠ ᠪᠠᠷ  ᠦᠵᠦᠮᠦᠴᠢᠨ ᠲᠠᠯ᠎ᠠ ᠨᠤᠲᠤᠭ ᠤᠨ ᠥᠪᠡᠷᠮᠢᠴᠡ ᠰᠠᠶᠢᠬᠠᠨ ᠵᠠᠩ ᠢᠷᠬᠡᠨᠰᠢᠯ ᠢ ᠬᠠᠷᠠᠭᠤᠯᠵᠦ᠂ ᠲᠠᠯ᠎ᠠ ᠨᠤᠲᠤᠭ ᠤᠨ ᠠᠷᠠᠳ ᠲᠥᠮᠡᠨ ᠤ ᠴᠠᠶᠢᠯᠭᠠᠨ ᠴᠠᠭᠠᠨ᠂ ᠵᠣᠴᠢᠨᠰᠠᠭ ᠳᠦᠷᠢ ᠳᠦᠷᠬᠦ ᠶᠢ  ᠢᠯᠠᠷᠡᠬᠦᠯᠦᠭᠰᠠᠨ ᠤ ᠬᠠᠮᠳᠣ᠂ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢᠶᠠᠷ ᠦᠵᠦᠮᠦᠴᠢᠨ ᠨᠤᠳᠤᠭ ᠤᠨ ᠦᠩᠬᠡ ᠦᠵᠡᠮᠵᠢ ᠶᠢ  ᠣᠯᠠᠨ ᠤ ᠬᠠᠷᠠᠭᠠᠨ ᠳᠤ  ᠲᠤᠳᠣᠷᠠᠭᠤᠯᠤᠨ᠂ ᠣᠷᠤᠨ ᠨᠤᠳᠤᠭ ᠤᠨ ᠣᠨᠴᠠᠯᠢᠭ ᠪᠠ ᠵᠢᠭᠤᠯᠴᠢᠯᠠᠯ ᠤᠨ ᠵᠠᠮ ᠱᠤᠭᠤᠮ ᠢ  ᠲᠠᠨᠢᠯᠴᠠᠭᠤᠯᠵᠦ᠂ ᠪᠠᠷᠠᠭᠤᠨ ᠦᠵᠦᠮᠦᠴᠢᠨ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠤᠨᠴᠠᠯᠢᠭ  ᠰᠢᠨᠵᠢ᠂ ᠲᠠᠳᠠᠬᠤ ᠬᠦᠴᠦᠨ ᠢ ᠪᠥᠬᠦ ᠲᠠᠯ᠎ᠠ ᠪᠠᠷ ᠲᠠᠶᠢᠯᠪᠤᠷᠢᠯᠠᠵᠠᠢ᠃     ᠡᠬᠦᠨ ᠤ ᠬᠠᠮᠳᠣ᠂ ᠵᠢᠭᠤᠯᠴᠢᠯᠠᠯ ᠤᠨ ᠲᠠᠨᠢᠯᠴᠠᠭᠤᠯᠤᠭᠴᠢ ᠠᠴᠠ ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠰᠤᠶᠤᠯ ᠢᠷᠭᠡᠨᠰᠢᠯ ᠪᠣᠯᠤᠨ ᠪᠠᠶᠢᠭᠠᠯᠢ ᠶᠢᠨ ᠡᠬᠡ ᠪᠠᠶᠠᠯᠢᠭ ᠤᠨ ᠲᠣᠭᠤᠷᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ  ᠪᠠᠶᠢᠭᠠᠯᠢ ᠶᠢᠨ ᠦᠩᠬᠡ ᠦᠵᠡᠮᠵᠢ ᠂  ᠵᠢᠭᠤᠯᠴᠢᠯᠠᠯ ᠤᠨ ᠰᠣᠳᠣᠨ ᠱᠤᠭᠤᠮ᠂ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠪᠣᠯᠤᠨ ᠵᠢᠭᠤᠯᠴᠢᠯᠠᠯ ᠤᠨ ᠰᠣᠳᠤᠨ ᠪᠥᠲᠥᠭᠡᠭᠳᠡᠭᠦᠨ ᠵᠡᠷᠭᠡ ᠶᠢ ᠡᠯ᠎ᠠ ᠭᠠᠵᠠᠷ ᠤᠷᠤᠨ ᠤ ᠬᠦᠮᠦᠰ ᠲᠤ ᠨᠠᠷᠢᠨ ᠲᠣᠳᠣᠷᠬᠠᠢ ᠲᠠᠨᠢᠯᠴᠠᠭᠤᠯᠤᠭᠰᠠᠨ ᠢᠶᠠᠷ ᠤᠷᠤᠨ ᠨᠤᠳᠤᠭ ᠤᠨ ᠰᠣᠶᠤᠯ ᠵᠢᠭᠤᠯᠴᠢᠯᠠᠯ ᠢ ᠨᠡᠩ ᠣᠯᠠᠨ ᠬᠦᠮᠦᠨ ᠳᠤ ᠲᠠᠨᠢᠭᠤᠯᠵᠤ᠂ ᠨᠡᠷ᠎ᠡ ᠠᠯᠳᠠᠷᠰᠢᠯ ᠢ ᠨᠢ ᠳᠡᠭᠡᠭᠰᠢᠯᠡᠭᠦᠯᠦᠭᠰᠡᠨ ᠪᠠᠶᠢᠨ᠎ᠠ᠃     ᠲᠠᠨᠢᠯᠴᠠᠭᠤᠯᠭ᠎ᠠ ᠶᠢᠨ ᠬᠤᠷᠠᠯ ᠤᠨ ᠠᠬᠤᠢ ᠲᠠᠯᠠᠪᠡᠢ ᠳᠤ 12 ᠲᠠᠯᠠᠪᠠᠢ ᠪᠣᠷᠤᠯᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠂ ᠤᠷᠤᠯᠴᠠᠭᠰᠠᠨ ᠬᠥᠮᠥᠨ ᠤ ᠲᠤᠭ᠎ᠠ 2000 ᠭᠠᠷᠤᠢ ᠬᠥᠮᠥᠨ ᠤᠳᠠᠭ᠎ᠠ ᠳᠤ ᠬᠦᠷᠴᠦ᠂ ᠠᠷᠠᠯᠵᠢᠶ᠎ᠠ ᠲᠣᠬᠢᠷᠠᠭᠰᠠᠨ ᠬᠦᠮᠥᠨ ᠤ ᠲᠤᠭ᠎ᠠ 400 ᠭᠠᠷᠤᠢ ᠬᠦᠮᠥᠨ ᠤᠳᠠᠭ᠎ᠠ ᠳᠤ ᠬᠦᠷᠦᠭᠰᠡᠨ ᠢᠶᠠᠷ ᠪᠠᠷᠠᠬᠤ ᠦᠭᠡᠢ 20 ᠭᠠᠷᠤᠢ ᠵᠢᠭᠤᠯᠴᠢᠯᠠᠯ ᠤᠨ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠳᠤᠭᠲᠠᠵᠤ᠂ ᠪᠡᠭᠡᠵᠢᠩ᠂ ᠬᠥᠬᠡᠬᠤᠲᠠ᠂ ᠱᠠᠩᠬᠠᠢ᠂ ᠴᠦᠩᠴᠢᠩ᠂ ᠵᠧᠵᠢᠶᠠᠩ ᠵᠡᠷᠭᠡ ᠭᠠᠵᠠᠷ ᠤᠨ ᠠᠶᠠᠯᠠᠯ ᠵᠢᠭᠤᠯᠴᠢᠯᠠᠯ ᠤᠨ ᠵᠠᠬ᠎ᠠ ᠵᠡᠭᠡᠯᠢ ᠳᠡᠭᠡᠷ᠎ᠡ ᠪᠠᠷᠠᠭᠤᠨ ᠦᠵᠦᠮᠦᠴᠢᠨ ᠬᠤᠰᠢᠭᠤᠨ ᠤ ᠠᠶᠠᠯᠠᠯ ᠵᠢᠭᠤᠯᠴᠢᠯᠠᠯ ᠤᠨ ᠪᠥᠲᠥᠭᠡᠭᠳᠡᠭᠦᠨ ᠢ ᠲᠡᠯᠬᠡᠨ ᠦᠵᠡᠬᠦᠯᠦᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号