ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠬᠤᠲᠠ ᠪᠠᠯᠭᠠᠰᠤᠨ ᠤ ᠵᠠᠮ ᠲᠣᠣᠷ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠮᠵᠢ ᠶᠢᠨ ᠨᠣᠭᠤᠭᠠᠷᠠᠭᠤᠯᠤᠯᠲᠠ ᠶᠢ ᠥᠭᠡᠷᠡᠴᠢᠯᠡᠬᠦ᠂ ᠲᠠᠰ | ᠳᠡᠪᠰᠢᠭᠦᠯᠬᠦ᠂ ᠵᠡᠭᠡᠯᠢ ᠭᠤᠳᠣᠮᠵᠢ ᠶᠢᠨ ᠵᠠᠮ ᠢ ᠰᠢᠨᠡᠳᠬᠡᠨ ᠵᠠᠰᠠᠬᠤ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ | ᠲᠣᠣᠷ ᠢ ᠪᠠᠶᠢᠭᠤᠯᠬᠤ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠵᠦ᠂ ᠣᠷᠣᠰᠢᠨ ᠰᠠᠭᠤᠬᠤ ᠣᠷᠴᠢᠨ | ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠤᠲᠠ ᠪᠠᠯᠭᠠᠰᠤᠨ ᠤ ᠳᠠᠭᠠᠭᠠᠴᠠ ᠶᠢᠨ ᠴᠢᠳᠠᠪᠤᠷᠢ ᠶᠢ | ᠳᠡᠭᠡᠭᠰᠢᠯᠡᠭᠦᠯᠦᠭᠰᠡᠭᠡᠷ ᠢᠷᠡᠪᠡ᠃ ᠵᠠᠮ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠰᠢᠯᠢᠳᠡᠭᠵᠢᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠪᠠ ᠬᠤᠲᠠ ᠪᠠᠯᠭᠠᠰᠤᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠤᠰᠠᠳᠠ᠂ 2023 ᠣᠨ ᠤ 4 ᠰᠠᠷ᠎ᠠ ᠠᠴᠠ ᠭᠤᠷᠣᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ | ᠲᠣᠭᠤᠷᠢᠭ ᠠᠴᠠ ᠵᠡᠭᠦᠨ ᠲᠣᠭᠤᠷᠢᠯ ᠵᠠᠮ ᠬᠦᠷᠬᠦ ᠵᠠᠮ ᠢ ᠵᠠᠰᠠᠬᠤ ᠢᠨᠵᠧᠨᠧᠷᠢᠩ ᠢ ᠡᠬᠢᠯᠡᠭᠦᠯᠪᠡ᠃ | ᠣᠶᠢᠷ᠎ᠠ ᠶᠢᠨ ᠡᠳᠦᠷ᠂ ᠰᠤᠷᠪᠤᠯᠵᠢᠯᠠᠭᠴᠢ ᠭᠤᠷᠣᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ ᠲᠣᠭᠤᠷᠢᠭ ᠤᠨ ᠵᠠᠮ | ᠵᠠᠰᠠᠬᠤ ᠠᠵᠢᠯ ᠤᠨ ᠲᠤᠬᠠᠢ ᠶᠢᠨ ᠲᠠᠯᠠᠪᠤᠷ ᠲᠤ ᠬᠦᠷᠬᠦ ᠳᠤ᠂ ᠤᠰᠤ ᠰᠦᠷᠴᠢᠬᠦ ᠲᠡᠷᠭᠡ᠂ ᠵᠠᠮ ᠳᠠᠷᠤᠬᠤ ᠮᠠᠰᠢᠨ ᠵᠡᠷᠭᠡ | ᠡᠯ᠎ᠡ ᠵᠦᠢᠯ ᠤᠨ ᠮᠠᠰᠢᠨ ᠨᠠᠰᠢ ᠴᠠᠰᠢ ᠰᠦᠯᠵᠢᠯᠳᠦᠵᠦ᠂ ᠠᠵᠢᠯᠴᠢᠳ ᠵᠠᠮ ᠤᠨ ᠬᠤᠶᠠᠷ ᠬᠠᠵᠠᠭᠤ ᠶᠢᠨ ᠶᠠᠪᠠᠭᠠᠨ ᠬᠥᠮᠥᠨ ᠤ | ᠵᠠᠮ ᠢ ᠲᠡᠭᠰᠢᠯᠡᠵᠦ ᠪᠠᠶᠢᠯ᠎ᠠ᠃ | | ᠣᠶᠢᠯᠠᠭᠠᠭᠰᠠᠨ ᠢᠶᠠᠷ᠂ ᠲᠤᠰ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 1.02 ᠳ᠋ᠦᠩᠰᠢᠭᠤᠷ | ᠲᠥᠭᠦᠷᠢᠭ ᠲᠤ ᠬᠦᠷᠴᠦ᠂ ᠰᠢᠨ᠎ᠡ ᠪᠠᠷ ᠪᠠᠶᠢᠭᠤᠯᠬᠤ ᠵᠠᠮ ᠤᠨ ᠪᠦᠬᠦ ᠣᠷᠳᠣ ᠨᠢ 1363 ᠮᠧᠲᠷ ᠪᠠᠶᠢᠵᠤ᠂ ᠭᠤᠷᠣᠬᠠᠨ | ᠵᠡᠭᠡᠯᠢ ᠶᠢᠨ ᠰᠠᠭᠠᠯᠢ ᠶᠢᠨ ᠦᠨᠢᠶᠡᠨ ᠤ ᠲᠣᠭᠤᠷᠢᠭ ᠠᠴᠠ ᠵᠡᠭᠦᠨᠰᠢ ᠪᠠᠯᠭᠠᠷᠭᠤᠣᠯ ᠪᠠᠯᠭᠠᠰᠤᠨ ᠤ ᠵᠡᠭᠦᠨᠳᠡᠬᠢ ᠲᠣᠭᠤᠷᠢᠯ ᠵᠠᠮ | ᠬᠦᠷᠦᠨ᠎ᠡ᠃ ᠡᠭᠦᠨ ᠳᠤ ᠶᠠᠪᠠᠭᠠᠨ ᠬᠥᠮᠥᠨ ᠤ ᠵᠠᠮ ᠪᠠ ᠨᠣᠭᠤᠭᠠᠷᠠᠭᠤᠯᠤᠯᠲᠠ ᠶᠢᠨ ᠪᠦᠰᠡ ᠶᠢ ᠪᠠᠭᠲᠠᠭᠠᠬᠤ ᠪᠠᠷ ᠪᠠᠷᠠᠬᠤ | ᠦᠭᠡᠢ ᠣᠷᠳᠣ ᠨᠢ 168 ᠮᠧᠲᠷ ᠤᠨ ᠨᠢᠭᠡ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠪᠠᠷᠤᠭᠰᠢᠨ ᠪᠧᠲ᠋ᠣᠨ ᠭᠠᠳᠠᠷᠭᠤ | ᠳᠡᠪᠢᠰᠬᠦ ᠶᠢᠨ ᠬᠠᠮᠲᠤ ᠤᠰᠤ ᠬᠠᠩᠭᠠᠬᠤ ᠬᠤᠭᠤᠯᠠᠢ᠂ ᠪᠣᠷᠣᠭᠠᠨ ᠤ ᠤᠰᠤᠨ ᠤ ᠬᠤᠭᠤᠯᠠᠢ᠂ ᠪᠣᠬᠢᠷ ᠤᠰᠤᠨ ᠤ ᠬᠤᠭᠤᠯᠠᠢ᠂ | ᠳᠤᠯᠠᠭᠠᠯᠠᠭ᠎ᠠ ᠶᠢᠨ ᠬᠤᠭᠤᠯᠠᠢ᠂ ᠴᠠᠬᠢᠯᠭᠠᠨ ᠨᠡᠪᠲᠡᠷᠡᠭᠦᠯᠬᠦ ᠳᠤ ᠬᠡᠷᠡᠭᠰᠡᠬᠦ ᠬᠤᠭᠤᠯᠠᠢ᠂ ᠲᠡᠷᠭᠡ ᠵᠣᠭᠰᠣᠬᠤ ᠲᠠᠯᠠᠪᠠᠶ ᠵᠡᠷᠭᠡ | ᠶᠢ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠵᠤ᠂ 2024 ᠣᠨ ᠤ 12 ᠰᠠᠷ᠎ᠠ ᠳᠤ ᠠᠵᠢᠯ ᠳᠠᠭᠤᠰᠬᠠᠨ ᠲᠡᠷᠭᠡ | ᠨᠡᠪᠲᠡᠷᠡᠭᠦᠯᠬᠦ ᠪᠠᠷ ᠵᠢᠱᠢᠵᠦ ᠪᠣᠢ᠃ | | | | | 2024 ᠣᠨ ᠤ 5 ᠰᠠᠷ᠎ᠠ ᠪᠣᠯᠲᠠᠯ᠎ᠠ᠂ ᠪᠠᠯᠭᠠᠷ ᠶᠡᠭᠡ ᠬᠥᠭᠦᠷᠭᠡ ᠶᠢᠨ 44 ᠰᠠᠭᠤᠷᠢ ᠪᠠᠭᠠᠨ᠎ᠠ ᠶᠢ ᠪᠣᠰᠬᠠᠵᠤ᠂ | ᠪᠡᠶᠡᠯᠡᠭᠦᠯᠦᠭᠰᠡᠨ ᠨᠣᠷᠮ᠎ᠠ ᠨᠢ 100 % ᠳᠤ ᠬᠦᠷᠴᠦ᠂ ᠪᠣᠬᠢᠷ ᠤᠰᠤᠨ ᠤ ᠬᠤᠭᠤᠯᠠᠢ᠂ ᠪᠣᠷᠣᠭᠠᠨ ᠤ ᠤᠰᠤ ᠵᠠᠯᠠᠬᠤ | ᠬᠤᠭᠤᠯᠠᠢ᠂ ᠳᠤᠯᠠᠭᠠᠯᠠᠭ᠎ᠠ ᠶᠢᠨ ᠬᠤᠭᠤᠯᠠᠢ᠂ ᠵᠠᠮ ᠤᠨ ᠰᠠᠭᠤᠷᠢ ᠶᠢ ᠮᠠᠯᠲᠠᠨ ᠲᠡᠭᠰᠢᠯᠡᠬᠦ ᠵᠡᠷᠭᠡ ᠠᠵᠢᠯ ᠢ ᠴᠥᠮ 100% | ᠪᠠᠷ ᠪᠡᠶᠡᠯᠡᠭᠦᠯᠦᠭᠰᠡᠨ ᠪᠠᠶᠢᠨ᠎ᠠ᠃ | ᠲᠤᠰ ᠵᠠᠮ ᠵᠠᠰᠠᠬᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠨᠢ ᠬᠤᠲᠠ ᠶᠢᠨ ᠲᠣᠭᠤᠷᠢᠭ ᠤᠨ | ᠵᠠᠮ ᠬᠠᠷᠢᠯᠴᠠᠭᠠᠨ ᠤ ᠳᠠᠷᠤᠭᠠᠰᠤ ᠶᠢ ᠬᠥᠩᠭᠡᠷᠡᠭᠦᠯᠬᠦ᠂ ᠬᠤᠲᠠ ᠶᠢᠨ ᠲᠥᠯᠥᠪᠵᠢᠭᠦᠯᠭᠡ ᠶᠢ ᠳᠡᠰ ᠳᠡᠪᠰᠢᠭᠦᠯᠬᠦ᠂ ᠬᠤᠲᠠ | ᠶᠢᠨ ᠡᠷᠬᠢᠨ ᠲᠣᠭᠤᠷᠢᠨ ᠤ ᠭᠠᠵᠠᠷ ᠰᠢᠷᠣᠢ ᠶᠢᠨ ᠦᠨ᠎ᠡ ᠥᠷᠲᠡᠭ ᠢ ᠳᠡᠭᠡᠭᠰᠢᠯᠡᠭᠦᠯᠬᠦ᠂ ᠮᠠᠨ ᠤ ᠬᠤᠰᠢᠭᠤᠨ ᠤ ᠣᠷᠣᠨ | ᠪᠠᠶᠢᠷᠢ ᠶᠢᠨ ᠳᠠᠪᠠᠭᠤᠯᠢᠭ ᠢ ᠪᠠᠳᠠᠷᠠᠭᠤᠯᠬᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠵᠤ | ᠠᠬᠤᠢ ᠶᠢᠨ ᠬᠥᠭᠵᠢᠯᠲᠡ ᠶᠢ ᠳᠠᠶᠢᠴᠢᠯᠠᠬᠤ ᠳᠤ ᠴᠥᠮ ᠴᠢᠬᠤᠯᠠ ᠦᠢᠯᠡᠳᠦᠯ ᠲᠠᠢ ᠪᠣᠯᠬᠤ ᠶᠤᠮ᠃ | ᠪᠠᠷᠠᠭᠤᠨ ᠦᠵᠦᠮᠦᠴᠢᠨ ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠬᠥᠭᠵᠢᠭᠦᠯᠦᠯᠲᠡ ᠶᠢᠨ ᠲᠥᠪ ᠤᠨ ᠳᠡᠳ᠋ ᠡᠷᠬᠢᠯᠡᠭᠴᠢ ᠴᠧᠨ ᠶᠦᠩ | — ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠣᠨ ᠤ ᠭᠤᠷᠣᠬᠠᠨ ᠵᠡᠭᠡᠯᠢ ᠶᠢᠨ ᠰᠠᠭᠠᠯᠢ ᠶᠢᠨ | ᠦᠨᠢᠶᠡᠨ ᠤ ᠲᠣᠭᠤᠷᠢᠭ ᠠᠴᠠ ᠵᠡᠭᠦᠨ ᠲᠣᠭᠤᠷᠢᠯ ᠵᠠᠮ ᠬᠦᠷᠲᠡᠯᠡᠬᠢ ᠰᠢᠨ᠎ᠡ ᠪᠠᠷ ᠪᠠᠶᠢᠭᠤᠯᠵᠣ ᠪᠠᠶᠢᠭ᠎ᠠ ᠵᠠᠮ ᠤᠨ | ᠢᠨᠵᠧᠨᠧᠷᠢᠩ ᠳᠤ ᠨᠡᠶᠢᠲᠡ 8564 ᠲᠦᠮᠡ ᠭᠠᠷᠤᠢ ᠲᠥᠭᠦᠷᠢᠭ ᠤᠨ ᠪᠡᠯᠡ ᠣᠷᠣᠭᠤᠯᠵᠤ᠂ ᠵᠠᠮ ᠤᠨ ᠪᠥᠬᠦ ᠣᠷᠳᠣ ᠨᠢ | 1532 ᠮᠧᠲᠷ ᠪᠠᠶᠢᠵᠤ᠂ ᠡᠭᠦᠨ ᠳᠤ ᠪᠠᠯᠭᠠᠷ ᠶᠡᠭᠡ ᠬᠥᠭᠦᠷᠭᠡ ᠶᠢ ᠪᠠᠭᠲᠠᠭᠠᠨ᠎ᠠ᠃ ᠬᠥᠭᠦᠷᠭᠡ ᠶᠢᠨ ᠣᠷᠳᠣ ᠨᠢ 168.8 | ᠮᠧᠲᠷ᠂ ᠲᠡᠷᠭᠡᠨ ᠵᠠᠮ ᠤᠨ ᠥᠷᠭᠡᠨ ᠨᠢ 30 ᠮᠧᠲᠷ᠂ ᠵᠠᠮ ᠢ ᠬᠤᠶᠠᠷ ᠲᠠᠯ᠎ᠠ ᠶᠢᠨ ᠶᠠᠪᠠᠭᠠᠨ ᠬᠥᠮᠥᠨ ᠤ ᠵᠠᠮ ᠤᠨ ᠥᠷᠭᠡᠨ | ᠨᠢ ᠲᠤᠰᠪᠤᠷᠢ 5 ᠮᠧᠲᠷ ᠪᠠᠶᠢᠵᠤ᠂ ᠤᠰᠤ ᠬᠠᠩᠭᠠᠬᠤ᠂ ᠪᠣᠷᠣᠭᠠᠨ ᠤ ᠤᠰᠤ ᠵᠠᠯᠠᠬᠤ᠂ ᠪᠣᠬᠢᠷ ᠤᠰᠤ ᠭᠠᠳᠠᠭᠰᠢᠯᠠᠭᠤᠯᠬᠤ᠂ | ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠶᠢᠨ ᠭᠠᠵᠠᠷ ᠳᠣᠣᠷᠠᠬᠢ ᠬᠤᠭᠤᠯᠠᠢ ᠶᠢᠨ | ᠲᠣᠣᠷ ᠤᠨ ᠢᠵᠢ ᠪᠦᠷᠢᠨ ᠲᠥᠬᠦᠭᠡᠷᠦᠮᠵᠢ ᠶᠢ ᠪᠠᠭᠲᠠᠭᠠᠵᠤ᠂ 94 ᠵᠠᠮ ᠤᠨ ᠳ᠋ᠧᠩ ᠢ ᠤᠭᠰᠠᠷᠠᠵᠤ᠂ 2 ᠲᠡᠷᠭᠡᠨ | ᠵᠣᠭᠰᠣᠭᠠᠯ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ 2023 ᠣᠨ ᠤ 4 ᠰᠠᠷ᠎ᠠ ᠠᠴᠠ | ᠡᠬᠢᠯᠡᠨ ᠪᠠᠶᠢᠭᠤᠯᠵᠤ᠂ 2024 ᠣᠨ ᠤ 12 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠣᠰ | ᠵᠠᠮ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠡᠭᠦᠨ ᠲᠣᠭᠤᠷᠢᠯ ᠵᠠᠮ ᠲᠠᠢ ᠨᠡᠪᠲᠡᠷᠡᠬᠦ ᠲᠤᠯᠠ ᠰᠠᠭᠤᠭᠠᠯᠢ ᠠᠷᠠᠳ ᠲᠤ | ᠲᠥᠬᠦᠮ ᠨᠥᠬᠦᠴᠡᠯ ᠬᠠᠩᠭᠠᠨ ᠬᠤᠲᠠ ᠪᠠᠯᠭᠠᠰᠤᠨ ᠤ ᠵᠠᠮ ᠤᠨ ᠲᠣᠣᠷ ᠢ ᠰᠢᠯᠢᠳᠡᠭᠵᠢᠭᠦᠯᠵᠦ᠂ ᠨᠢᠰᠬᠡᠯ ᠤᠨ ᠪᠠᠭᠤᠳᠠᠯ᠂ | ᠬᠤᠭ ᠨᠣᠪᠰᠢ ᠶᠢᠨ ᠲᠠᠯᠠᠪᠠᠶ ᠵᠡᠷᠭᠡ ᠳᠤ ᠨᠡᠪᠲᠡᠷᠡᠬᠦ ᠳᠤ ᠳᠦᠭᠦᠮ ᠪᠣᠯᠣᠨ᠎ᠠ᠃ ᠡᠨᠡᠬᠦ ᠰᠢᠨ᠎ᠡ ᠪᠠᠷ ᠪᠠᠶᠢᠭᠤᠯᠬᠤ ᠪᠠᠶᠢᠭ᠎ᠠ ᠵᠠᠮ | ᠤᠨ ᠪᠦᠲᠦᠭᠡᠨ ᠪᠠᠶᠢᠭᠤᠯᠤᠯᠲᠠ ᠨᠢ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ |