ᠪᠠᠷᠠᠭᠤᠨ ᠦᠵᠦᠮᠦᠴᠢᠨ ᠬᠤᠰᠢᠭᠤᠨ ᠤ ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ ᠫᠠᠶᠢᠰᠠ ᠰᠡᠬᠦᠬᠦ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤ  ᠷᠦᠢ ᠮᠦ ᠠᠮᠢᠲᠠᠨ ᠤ ᠡᠮᠨᠡᠯᠭᠡ ᠶᠢᠨ  ᠬᠤᠷᠢᠶᠠᠨ ᠤ ᠫᠠᠶᠢᠰᠠ ᠰᠡᠬᠦᠬᠦ  ᠶᠣᠰᠣᠯᠠᠯ   ᠢ ᠡᠷᠬᠢᠯᠡᠨ  ᠶᠠᠪᠤᠭᠳᠠᠭᠤᠯᠪᠠ᠃
     ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠪᠠᠶᠢᠩᠭᠤ ᠶᠢᠨ ᠳᠡᠳ᠋ ᠲᠠᠷᠤᠭ᠎ᠠ ᠬᠠᠢ ᠱᠠᠨ᠂ ᠥᠪᠥᠷ ᠮᠣᠩᠭᠤᠯ ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠥᠸᠧ ᠬᠤᠩ ᠯᠢᠶᠠᠩ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ  ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ ᠵᠢᠴᠢ ᠬᠡᠰᠡᠭ ᠭᠠᠴᠠᠭᠠᠨ ᠤ ᠡᠬᠦᠷ ᠵᠥᠪᠯᠡᠯ ᠪᠠ ᠮᠠᠯᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃
    ᠶᠣᠰᠣᠯᠠᠯ ᠳᠤ᠂ ᠬᠠᠢ ᠱᠠᠨ ᠪᠣᠯᠣᠨ ᠥᠪᠥᠷ ᠮᠣᠩᠭᠤᠯ ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠫᠠᠶᠢᠰᠠ ᠰᠡᠬᠦᠪᠡ᠃ ᠳᠠᠷᠠᠭ᠎ᠠ ᠨᠢ ᠷᠦᠢ ᠮᠦ ᠠᠮᠢᠲᠠᠨ ᠤ ᠡᠮᠨᠡᠯᠭᠡ ᠶᠢᠨ ᠬᠤᠷᠢᠶᠠᠨ ᠤ ᠬᠠᠮᠢᠶᠠᠲᠠᠢ ᠬᠠᠷᠢᠭᠤᠴᠠᠯᠭᠠᠲᠠᠨ ᠠᠴᠠ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠨᠠᠷᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠶᠤᠰᠤᠯᠠᠯ ᠳᠤ ᠤᠷᠤᠯᠴᠠᠭᠰᠠᠳ ᠲᠠᠢ ᠬᠠᠮᠲᠤ ᠪᠠᠷ ᠠᠮᠢᠲᠠᠨ ᠤ ᠡᠮᠨᠡᠯᠭᠡ ᠶᠢᠨ ᠬᠤᠷᠢᠶ᠎ᠠ ᠪᠠᠷ ᠲᠣᠭᠤᠷᠢᠨ ᠦᠵᠡᠪᠡ᠃     ᠣᠶᠢᠯᠠᠭᠠᠭᠰᠠᠨ ᠢᠶᠠᠷ᠂ 2023 ᠣᠨ ᠳᠤ᠂ ᠠᠮᠢᠲᠠᠨ ᠢ ᠣᠨᠣᠰᠢᠯᠠᠨ ᠡᠮᠨᠡᠬᠦ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠪᠠᠷᠠᠭᠤᠨ ᠦᠵᠦᠮᠦᠴᠢᠨ ᠬᠤᠰᠢᠭᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠬᠦᠯᠬᠦ ᠲᠥᠷᠥᠯ ᠵᠦᠢᠯ ᠳᠤ ᠲᠦᠰᠢᠭᠯᠡᠨ᠂ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ ᠦᠵᠡᠭᠦᠯᠬᠦ ᠲᠥᠪ ᠢ ᠪᠠᠶᠢᠭᠤᠯᠵᠤ᠂ ᠡᠭᠦᠨ ᠤ ᠬᠠᠮᠲᠤ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠡᠵᠡᠩᠨᠡᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠵᠠᠭᠪᠤᠷ ᠢ ᠭᠡᠷᠡᠭᠵᠢᠬᠦᠯᠦᠨ᠂ ᠥᠪᠥᠷ ᠮᠣᠩᠭᠤᠯ  ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ︾ ᠭᠡᠵᠦ ᠵᠢᠩᠬᠢᠨᠢ ᠪᠠᠷ ᠨᠡᠷᠡᠶᠢᠳᠪᠡ᠃ ᠲᠣᠰ ᠦᠢᠯᠡᠴᠢᠯᠡᠭᠡᠨ ᠤ ᠠᠵᠤ ᠠᠬᠤᠶᠢᠯᠠᠯ ᠨᠢ ᠪᠥᠬᠦ ᠬᠤᠰᠢᠭᠤᠨ ᠤ ᠬᠡᠪᠴᠢᠶᠡᠨ ᠳᠤ ᠠᠮᠢᠲᠠᠨ ᠢ ᠣᠨᠣᠰᠢᠯᠠᠨ ᠡᠮᠨᠡᠬᠦ ᠦᠢᠯᠡᠴᠢᠯᠡᠭᠡ ᠶᠢ ᠬᠠᠩᠭᠠᠨ᠂ ᠪᠥᠬᠦ ᠬᠤᠰᠢᠭᠤᠨ ᠤ ᠠᠮᠢᠲᠠᠨ ᠢ ᠣᠨᠣᠰᠢᠯᠠᠨ ᠡᠮᠨᠡᠬᠦ ᠶᠢ ᠤᠯᠠᠮᠵᠢᠯᠠᠯᠲᠤ ᠬᠡᠯᠪᠡᠷᠢ  ᠠᠴᠠ ᠲᠤᠰᠬᠠᠶᠢᠵᠢᠭᠰᠠᠨ ᠬᠡᠯᠪᠡᠷᠢ ᠳᠠᠰᠢ ᠬᠤᠪᠢᠷᠠᠭᠤᠯᠵᠤ᠂ ᠪᠥᠬᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠳᠤ ᠴᠢᠬᠤᠯᠠ ᠠᠴᠢ ᠬᠤᠯᠪᠣᠭᠳᠠᠯ  ᠦᠵᠡᠬᠦᠯᠦᠭᠰᠡᠨ ᠶᠤᠮ᠃
    ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ ᠨᠢ ᠬᠤᠰᠢᠭᠤᠨ ᠲᠦᠪ ᠪᠠᠯᠭᠠᠷᠭᠤᠤᠯ   ᠪᠠᠯᠭᠠᠰᠤᠨ ᠠᠴᠠ ᠵᠡᠬᠦᠨᠰᠢ 3 ᠺᠢᠯᠤᠮᠧᠲᠷ ᠤᠨ ᠭᠠᠵᠠᠷ ᠲᠤ ᠪᠠᠶᠢᠷᠢᠯᠠᠵᠤ᠂  ᠪᠠᠷᠠᠭᠤᠨ ᠦᠵᠦᠮᠦᠴᠢᠨ ᠬᠤᠰᠢᠭᠤᠨ ᠤ ᠬᠠᠮᠤᠭ ᠠᠩᠬᠠᠨ  ᠤ ᠦᠬᠡᠷ᠂ ᠮᠣᠷᠢ᠂ ᠬᠤᠨᠢ ᠵᠡᠷᠭᠡ ᠮᠠᠯ ᠤᠨᠤᠭ᠎ᠠ ᠶᠢ ᠣᠨᠣᠰᠢᠯᠠᠨ ᠡᠮᠨᠡᠬᠦ ᠪᠠᠷ ᠭᠤᠣᠯ ᠪᠣᠯᠭᠠᠭᠰᠠᠨ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠪᠣᠯᠣᠨ᠎ᠠ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1300 ᠭᠠᠷᠤᠢ ᠲᠦᠮᠡᠨ ᠲᠥᠭᠦᠷᠢᠭ᠂ ᠶᠡᠷᠦᠩᠬᠡᠢ  ᠲᠠᠯᠠᠪᠠᠢ ᠨᠢ 63270 ᠬᠠᠪᠲᠠᠭᠠᠢ ᠲᠦᠷᠪᠡᠯᠵᠢᠨ ᠮᠧᠲᠷ᠂ ᠪᠠᠷᠢᠯᠭ᠎ᠠ  ᠶᠢᠨ ᠲᠠᠯᠠᠪᠠᠢ ᠨᠢ 2694 ᠬᠠᠪᠲᠠᠭᠠᠢ ᠲᠦᠷᠪᠡᠯᠵᠢᠨ ᠮᠧᠲᠷ᠂ ᠡᠮᠴᠢᠯᠡᠭᠡᠨ ᠤ ᠲᠠᠰᠤᠭ᠂ ᠰᠢᠨᠵᠢᠯᠡᠨ ᠰᠢᠯᠭᠠᠬᠤ ᠲᠠᠰᠤᠭ᠂ ᠮᠡᠰᠡ ᠵᠠᠰᠠᠯ ᠤᠨ ᠲᠠᠰᠤᠭ᠂ ᠡᠮ ᠤᠨ ᠵᠦᠢᠯ ᠤᠨ ᠬᠥᠮᠥᠷᠭᠡ᠂ ᠦᠯᠡᠳᠡᠭᠡᠨ ᠠᠵᠢᠭᠯᠠᠬᠤ ᠪᠠᠶᠢᠷᠢ᠂ ᠡᠮᠴᠢᠯᠡᠭᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠰᠤᠭ᠂ ᠲᠤᠰᠠᠭᠠᠷᠯᠠᠬᠤ ᠲᠣᠭᠤᠷᠢᠭ ᠵᠡᠷᠭᠡ ᠴᠢᠳᠠᠪᠬᠢ ᠶᠢᠨ ᠲᠠᠰᠤᠭ ᠪᠠ ᠣᠷᠣᠨ ᠲᠣᠭᠤᠷᠢᠭ ᠢ ᠪᠠᠶᠢᠭᠤᠯᠵᠠᠢ᠃ ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ ᠶᠢ ᠥᠪᠥᠷ ᠮᠣᠩᠭᠤᠯ ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠡᠵᠡᠩᠨᠡᠵᠦ᠂ ᠪᠥᠬᠦ ᠬᠤᠰᠢᠭᠤᠨ ᠤ ᠬᠡᠪᠴᠢᠶᠡᠨ ᠳᠤ ᠠᠮᠢᠲᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ ᠦᠢᠯᠡᠴᠢᠯᠡᠭᠡ ᠶᠢ ᠬᠠᠩᠭᠠᠨ᠎ᠠ᠃ ᠲᠣᠰ ᠺᠣᠮᠫᠠᠨᠢ ᠨᠢ ᠠᠵᠤ ᠠᠬᠤᠶᠢᠯᠠᠯ ‍ᠤᠨ‌ᠠᠬᠤᠢ ᠪᠠᠶᠢᠳᠠᠯ ᠪᠠ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠡᠵᠡᠩᠨᠡᠬᠦ᠂ ᠵᠠᠬ᠎ᠠ ᠳᠡᠯᠭᠡᠭᠦᠷᠴᠢᠯᠡᠨ ᠠᠵᠢᠯᠯᠠᠬᠤ ᠵᠠᠭᠪᠤᠷ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ᠂ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠮᠢᠳᠤ ᠪᠣᠳᠠᠰ ᠤᠨ ᠡᠮ ᠤᠨ ᠵᠦᠢᠯ ᠤᠨ ᠠᠵᠤ ᠠᠬᠤᠶᠢᠯᠠᠯ ᠵᠡᠷᠭᠡ ᠡᠷᠬᠡ ᠰᠦᠷᠲᠦ ᠰᠠᠯᠠᠭ᠎ᠠ ᠮᠥᠴᠢᠷ ᠲᠠᠢ ᠬᠠᠮᠲᠤᠷᠠᠨ᠂ ᠠᠮᠢᠲᠠᠨ ᠤ ᠣᠨᠣᠰᠢᠯᠠᠯᠲᠠ᠂ ᠡᠮᠴᠢᠯᠡᠭᠡ ᠵᠢᠴᠢ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠪᠡ᠃    ᠣᠳᠣᠬᠠᠨ ᠳᠤ᠂ ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ ᠶᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠲᠤᠰᠬᠠᠢ ᠮᠡᠷᠭᠡᠵᠢᠯ ᠤᠨ ᠮᠠᠯ ᠤᠨ ᠡᠮᠴᠢ ᠶᠢᠨ ᠪᠦᠯᠬᠦᠮ ᠨᠡᠶᠢᠲᠡ 6  ᠪᠠᠶᠢᠵᠤ᠂ ᠲᠤᠰᠬᠠᠢ ᠮᠡᠷᠭᠡᠵᠢᠯ ᠤᠨ ᠮᠠᠯ ᠤᠨ ᠡᠮᠴᠢ 4᠂ ᠬᠥᠳᠡᠭᠡ ᠲᠣᠰᠬᠤᠨ ᠤ ᠮᠠᠯ ᠤᠨ ᠡᠮᠴᠢ 2 ᠪᠣᠶ᠃ ᠦᠢᠯᠡᠴᠢᠯᠡᠭᠡᠨ ᠤ ᠠᠭᠤᠯᠭ᠎ᠠ ᠳᠤ᠄ ᠲᠣᠮᠣ ᠠᠮᠢᠲᠠᠨ ᠢ ᠣᠨᠣᠰᠢᠯᠠᠨ ᠡᠮᠨᠡᠬᠦ᠂ ᠵᠢᠵᠢᠭ ᠠᠮᠢᠲᠠᠨ ᠢ ᠣᠨᠣᠰᠢᠯᠠᠨ ᠡᠮᠨᠡᠬᠦ᠂ ᠠᠮᠢᠲᠠᠨ ᠤ ᠡᠷᠡᠭᠦᠯᠵᠢᠯ ᠤᠨ ᠬᠡᠲᠦ ᠳᠡᠯᠭᠡᠭᠦᠷ᠂ ᠠᠮᠢᠲᠠᠨ ᠤ ᠬᠢᠵᠢᠭ ᠡᠪᠡᠳᠴᠢᠨ ᠢ ᠣᠨᠣᠰᠢᠯᠠᠵᠤ ᠰᠢᠯᠭᠠᠨ ᠪᠠᠶᠢᠴᠠᠭᠠᠬᠤ᠂ ᠦᠢᠯᠡᠳᠦᠯᠭᠡ ᠶᠢᠨ ᠵᠢᠭᠠᠨ ᠰᠤᠷᠭᠠᠯᠲᠠ ᠪᠠ ᠪᠣᠯᠪᠠᠰᠤᠷᠠᠯ ᠤᠨ ᠰᠠᠭᠤᠷᠢᠨ ᠭᠠᠵᠠᠷ ᠪᠠᠭᠲᠠᠨ᠎ᠠ᠃ ᠲᠣᠮᠣ ᠠᠮᠢᠲᠠᠨ ᠢ ᠣᠨᠣᠰᠢᠯᠠᠨ ᠡᠮᠨᠡᠬᠦ ᠭᠡᠳᠡᠭ ᠨᠢ ᠮᠠᠯ ᠵᠢᠭᠦᠷᠲᠡᠨ ᠤ ᠳᠣᠲᠣᠷ ᠭᠠᠳᠠᠷ ᠰᠠᠯᠠᠭᠠᠨ ᠤ ᠣᠨᠣᠰᠢᠯᠠᠨ ᠡᠮᠨᠡᠬᠦ᠂ ᠰᠡᠷᠭᠡᠶᠢᠯᠡᠨ ᠵᠠᠰᠠᠬᠤ ᠶᠢ ᠵᠢᠭᠠᠵᠤ ᠪᠠᠶᠢᠨ᠎ᠠ᠂ ᠡᠭᠦᠨ ᠳᠤ ᠬᠡᠪᠡᠯᠢ ᠬᠠᠭᠠᠯᠬᠤ ᠮᠡᠰᠡ ᠵᠠᠰᠠᠯ᠂ ᠬᠡᠪᠡᠯᠢ ᠬᠠᠭᠠᠯᠵᠤ ᠲᠥᠯᠯᠡᠭᠦᠯᠬᠦ ᠮᠡᠰᠡ ᠵᠠᠰᠠᠯ᠂ ᠦᠷᠡᠵᠢᠬᠦ ᠶᠢ ᠵᠣᠭᠰᠤᠭᠠᠬᠤ ᠮᠡᠰᠡ ᠵᠠᠰᠠᠯ᠂ ᠬᠤᠷᠣᠬᠠᠢ ᠬᠥᠭᠡᠭᠡᠬᠦ᠂ ᠡᠮᠲᠦ ᠤᠬᠢᠶᠠᠯ ᠬᠢᠬᠦ᠂ ᠢᠴᠡᠭᠡᠯ ᠦᠷ᠎ᠡ ᠶᠢᠨ ᠬᠡᠭᠡᠯᠲᠦᠭᠦᠯᠭᠡ᠂ ᠬᠡᠪᠡᠯᠢ ᠶᠢᠨ ᠪᠠᠶᠢᠴᠠᠭᠠᠯᠲᠠ ᠬᠢᠬᠦ᠂ ᠡᠮᠨᠡᠯᠭᠡ ᠳᠤ ᠰᠠᠭᠤᠬᠤ ᠵᠡᠷᠭᠡ ᠠᠭᠤᠯᠭ᠎ᠠ ᠪᠠᠭᠲᠠᠨ᠎ᠠ᠃  ᠵᠢᠵᠢᠭ ᠠᠮᠢᠲᠠᠨ ᠢ ᠣᠨᠣᠰᠢᠯᠠᠨ ᠡᠮᠨᠡᠬᠦ ᠭᠡᠳᠡᠭ ᠨᠢ  ᠡᠩᠭᠦᠷᠠᠢ ᠠᠮᠢᠲᠠᠨ ᠤ ᠳᠣᠲᠣᠷ ᠭᠠᠳᠠᠷ ᠰᠠᠯᠠᠭᠠᠨ ᠤ ᠣᠨᠣᠰᠢᠯᠠᠨ ᠡᠮᠨᠡᠬᠦ ᠶᠢ ᠵᠢᠭᠠᠵᠤ ᠪᠠᠶᠢᠨ᠎ᠠ᠂ ᠡᠭᠦᠨ ᠳᠤ ᠡᠩᠬᠦᠷᠡᠢ ᠠᠮᠢᠲᠠᠨ ᠢ ᠣᠨᠣᠰᠢᠯᠠᠨ ᠡᠮᠨᠡᠬᠦ᠂ ᠨᠢᠳᠦᠨ ᠤ ᠰᠠᠯᠠᠭ᠎ᠠ᠂ ᠰᠢᠳᠦᠨ ᠤ ᠰᠠᠯᠠᠭ᠎ᠠ᠂ ᠡᠩᠬᠦᠷᠡᠢ ᠠᠮᠢᠲᠠᠨ ᠢ ᠨᠠᠶᠢᠳᠠᠨ ᠲᠡᠵᠢᠭᠡᠯᠭᠡᠬᠦ᠂  ᠡᠩᠬᠦᠷᠡᠢ ᠠᠮᠢᠲᠠᠨ ᠤ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠦᠢᠯᠡᠴᠢᠯᠡᠭᠡ ᠪᠠᠭᠲᠠᠨ᠎ᠠ᠃ ᠠᠮᠢᠲᠠᠨ ᠤ ᠡᠷᠡᠭᠦᠯᠵᠢᠯ ᠤᠨ ᠬᠡᠳᠦ ᠳᠡᠯᠭᠡᠭᠦᠷ  ᠨᠢ ᠭᠤᠣᠯᠳᠠᠭᠤ ᠮᠠᠯ ᠵᠢᠭᠦᠷᠲᠡᠨ ᠪᠠ ᠡᠩᠬᠦᠷᠡᠢ ᠠᠮᠢᠲᠠᠨ ᠳᠤ ᠬᠡᠷᠡᠭᠯᠡᠬᠦ ᠮᠠᠯ ᠤᠨ ᠡᠮ᠂ ᠡᠷᠡᠭᠦᠯᠵᠢᠯ ᠤᠨ ᠡᠳ᠋ ᠵᠢᠴᠢ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ ᠪᠣᠷᠣᠯᠠᠭᠤᠯᠳᠠᠭ᠃ ᠠᠮᠢᠲᠠᠨ ᠤ ᠬᠢᠵᠢᠭ ᠡᠪᠡᠳᠴᠢᠨ ᠢ ᠣᠨᠣᠰᠢᠯᠠᠵᠤ ᠰᠢᠯᠭᠠᠨ ᠪᠠᠶᠢᠴᠠᠭᠠᠬᠤ ᠭᠡᠳᠡᠭ ᠪᠣᠯ ᠨᠢᠭᠡᠳᠦᠭᠡᠷ ᠲᠦᠷᠦᠯ ᠤᠨ ᠬᠢᠵᠢᠭ ᠡᠪᠡᠳᠴᠢᠨ ᠠᠴᠠ ᠪᠤᠰᠤᠳ ᠡᠯ᠎ᠡ ᠲᠦᠷᠦᠯ  ᠤᠨ ᠠᠮᠢᠲᠠᠨ ᠤ ᠬᠢᠵᠢᠭ ᠡᠪᠡᠳᠴᠢᠨ ᠢ ᠣᠨᠣᠰᠢᠯᠠᠵᠤ ᠰᠢᠯᠭᠠᠨ ᠪᠠᠶᠢᠴᠠᠭᠠᠬᠤ ᠶᠢ ᠵᠢᠭᠠᠵᠤ ᠪᠠᠶᠢᠨ᠎ᠠ᠂ ᠡᠭᠦᠨ ᠳᠤ ᠪᠠᠺᠲ᠋ᠧᠷᠢ᠂ ᠸᠢᠷᠦ᠋ᠰ ᠵᠡᠷᠭᠡ ᠡᠪᠡᠳᠴᠢᠨ ᠡᠭᠦᠰᠬᠡᠭᠴᠢ ᠶᠢ ᠪᠠᠭᠲᠠᠭᠠᠨ᠎ᠠ᠃ ᠡᠭᠦᠨ ᠠᠴᠠ ᠭᠠᠳᠠᠨ᠎ᠠ ᠪᠠᠰᠠ ᠡᠯ᠎ᠡ ᠳᠡᠭᠡᠳᠦ ᠰᠤᠷᠭᠠᠭᠤᠯᠢ᠂ ᠰᠠᠯᠪᠤᠷᠢ ᠲᠠᠢ ᠬᠠᠮᠲᠤᠷᠠᠨ ᠮᠠᠯ ᠡᠮᠨᠡᠯᠭᠡ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠬᠢᠴᠢᠶᠡᠯ ᠢ ᠨᠡᠭᠡᠭᠡᠨ ᠬᠥᠭᠵᠢᠭᠦᠯᠵᠦ᠂ ᠬᠡᠷᠡᠭᠯᠡᠭᠡᠨ ᠤ ᠬᠡᠯᠪᠡᠷᠢ ᠶᠢᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠪᠡ᠃    ᠥᠪᠥᠷ ᠮᠣᠩᠭᠤᠯ ᠤᠨ ᠷᠦᠢ ᠫᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠥᠸᠧ ᠬᠤᠩ ᠯᠢᠶᠠᠩ    — ᠬᠤᠰᠢᠭᠤ  ᠵᠠᠰᠠᠭ ᠤᠨ ᠣᠷᠳᠣᠨ ᠪᠣᠯᠣᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠵᠢᠯᠣᠭᠤᠳᠤᠯᠭ᠎ᠠ ᠳᠣᠣᠷ᠎ᠠ᠂ ᠮᠠᠨ ᠤ ᠷᠦᠢ ᠮᠦ ᠠᠮᠢᠲᠠᠨ ᠤ ᠡᠮᠨᠡᠯᠭᠡ ᠶᠢᠨ ᠬᠤᠷᠢᠶ᠎ᠠ ᠨᠢ 6 ᠰᠠᠷ᠎ᠠ ᠶᠢᠨ 14 ᠤ ᠡᠳᠦᠷ ᠵᠢᠩᠬᠢᠨᠢ ᠪᠠᠷ ᠫᠠᠶᠢᠰᠠ ᠰᠡᠬᠦᠪᠡ᠃ ᠷᠦᠢ ᠮᠦ ᠠᠮᠢᠲᠠᠨ ᠤ ᠡᠮᠨᠡᠯᠭᠡ ᠶᠢᠨ ᠬᠤᠷᠢᠶᠠᠨ ᠤ ᠭᠤᠣᠯ ᠴᠢᠳᠠᠮᠵᠢ ᠳᠤ ᠲᠣᠮᠣ ᠠᠮᠢᠲᠠᠨ ᠢ ᠣᠨᠣᠰᠢᠯᠠᠨ ᠡᠮᠨᠡᠬᠦ᠂ ᠵᠢᠵᠢᠭ ᠠᠮᠢᠲᠠᠨ ᠳᠤ ᠵᠣᠷᠢᠭᠤᠯᠤᠭᠰᠠᠨ ᠡᠮᠴᠢᠯᠡᠭᠡ ᠵᠢᠴᠢ ᠴᠢᠳᠠᠮᠵᠢᠲᠤ ᠣᠷᠣᠨ ᠳᠤ ᠪᠢᠳᠠ ᠲᠤᠷᠰᠢᠯᠲᠠ ᠶᠢᠨ ᠲᠡᠰᠤᠬ ᠪᠠᠶᠢᠭᠤᠯᠤᠭᠰᠠᠨ ᠤ ᠬᠠᠮᠲᠤ ᠡᠨᠡᠬᠦ ᠦᠢᠯᠡᠴᠢᠯᠡᠭᠡᠨ ᠤ ᠴᠢᠳᠠᠮᠵᠢ ᠶᠢᠨ ᠲᠠᠯ᠎ᠠ ᠪᠠᠷ ᠠᠭᠤᠯᠭ᠎ᠠ ᠪᠠᠨ ᠥᠷᠭᠡᠳᠬᠡᠭᠰᠡᠨ  ᠶᠤᠮ᠃ ᠡᠬᠦᠨ ᠤ ᠬᠠᠮᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠲᠡᠭᠡᠲᠦ ᠰᠤᠷᠭᠠᠭᠤᠯᠢ  ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠮᠠᠨ ᠤ ᠮᠠᠯ ᠡᠮᠨᠡᠯᠭᠡ ᠶᠢᠨ  ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ  ᠬᠦᠴᠦᠯᠡᠨ ᠠᠵᠢᠯᠯᠠᠵᠤ ᠪᠤᠢ᠃ ᠣᠲᠣ ᠡᠮᠨᠡᠯᠭᠡ ᠶᠢᠨ ᠬᠤᠷᠢᠶ᠎ᠠ ᠴᠤ ᠡᠵᠡᠩᠨᠡᠯᠲᠡ ᠪᠠᠨ ᠡᠬᠢᠯᠡᠬᠦᠯᠵᠦ ᠡᠮᠴᠢᠯᠡᠭᠡ ᠬᠢᠵᠦ ᠪᠤᠢ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠮᠠᠨ ᠤ ᠡᠮᠨᠡᠯᠭᠡ ᠶᠢᠨ ᠬᠤᠷᠢᠶᠠᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠳᠳᠡᠷ ᠲᠦᠷᠭᠡᠨ ᠢᠶᠠᠷ ᠦᠷᠭᠦᠯᠵᠢᠯᠡᠨ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠣᠷᠣᠬᠤ ᠳᠤ ᠢᠳᠡᠭᠡᠯ ᠲᠡᠭᠦᠯᠳᠡᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号