ᠪᠠᠷᠠᠭᠤᠨ ᠦᠵᠦᠮᠦᠴᠢᠨ ᠬᠤᠰᠢᠭᠤᠨ ᠤ ᠰᠢᠯᠢᠳᠡᠭ ᠡᠭᠦᠯᠲᠡᠷ ᠤᠨ ᠮᠢᠬᠠᠨ ᠤ ᠦᠭᠡᠷ  ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ  ᠠᠰᠢᠭᠯᠠᠯᠳᠠ ᠳᠤ ᠣᠷᠣᠪᠠ
ᠨᠡᠶᠢᠲᠡᠯᠡᠭᠰᠡᠨ ᠴᠠᠭ᠄
2024/6/17
   6 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠰᠢᠯᠢᠳᠡᠭ ᠡᠭᠦᠯᠲᠡᠷ ᠤᠨ  ᠮᠢᠬᠠᠨ ᠤ ᠦᠭᠡᠷ ᠤᠨ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ ᠤᠨ ᠫᠠᠶᠢᠰᠠ ᠰᠡᠬᠦᠬᠦ ᠡᠬᠢᠯᠡᠯᠲᠡ ᠶᠢᠨ ᠶᠣᠰᠣᠯᠠᠯ  ᠶᠠᠪᠤᠭᠳᠠᠭᠤᠯᠵᠦ᠂ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠢᠭ ᠤᠨ ᠰᠢᠯᠢᠳᠡᠭ ᠡᠭᠦᠯᠲᠡᠷ ᠤᠨ  ᠮᠢᠬᠠᠨ ᠤ ᠦᠭᠡᠷ ᠤᠨ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ ᠨᠢ ᠠᠰᠢᠭᠯᠠᠯᠲᠠ ᠳᠤ ᠤᠷᠤᠯ᠎ᠠ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠤᠳᠬᠠᠨᠪᠠᠭᠠᠳᠤᠷ᠂ ᠥᠪᠥᠷ ᠮᠣᠩᠭᠤᠯ ᠤᠨ ᠰᠢᠨ ᠨᠢᠦ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠤᠨ ᠰᠢᠨ ᠨᠢᠦ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ‌ᠵᠢᠴᠢ ᠬᠡᠰᠡᠭ ᠭᠠᠴᠠᠭ᠎ᠠ᠂ ᠮᠠᠯᠴᠢᠳ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠶ ᠱᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠶᠠᠷᠢᠶ᠎ᠠ ᠲᠠᠯᠪᠢᠵᠠᠢ᠃   ᠬᠠᠢ ᠱᠠᠨ ᠶᠠᠷᠢᠶᠠᠨ ᠳᠠᠭᠠᠨ᠂ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠶᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠤᠭᠰᠠᠨ ᠨᠢ ᠬᠤᠰᠢᠭᠤ ᠰᠢᠶᠠᠨ ᠤ ᠬᠡᠪᠴᠢᠶᠡᠨ ᠳᠠᠬᠢ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ ᠶᠢ ᠪᠠᠶᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠦᠶᠯᠡᠳᠦᠯ ᠲᠠᠢ ᠶᠤᠮ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠭᠠᠴᠠᠭᠠᠨ ᠤ ᠡᠭᠦᠷ ᠵᠥᠪᠯᠡᠯ ᠨᠢ ᠦᠶᠯᠡᠴᠢᠯᠡᠭᠡ ᠶᠢ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠡᠵᠡᠩᠨᠡᠯᠲᠡ ᠶᠢᠨ ᠠᠵᠤ ᠠᠬᠤᠶᠢᠯᠠᠯ ᠨᠢ ᠲᠡᠷᠢᠭᠦᠨ ᠤ ᠬᠠᠮᠢᠶᠠᠷᠤᠯᠲᠠ ᠶᠢᠨ ᠪᠦᠯᠬᠦᠮ ᠢ ᠤᠷᠢᠨ ᠠᠪᠴᠢᠷᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠵᠤ᠂ ᠨᠠᠷᠢᠯᠢᠭ  ᠤᠨᠤᠪᠴᠢᠲᠠᠢ ᠪᠠᠷ ᠬᠢᠵᠢᠭ ᠢ ᠰᠡᠷᠭᠡᠶᠢᠯᠡᠨ᠂ ᠲᠥᠷᠥᠯ ᠵᠦᠶᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠪᠠᠷ ᠬᠠᠮᠲᠤᠷᠠᠯᠴᠠᠭᠠᠨ ᠤ ᠵᠥᠪᠯᠡᠯᠴᠡᠭᠡᠷ ᠢ ᠨᠠᠷᠢᠨ ᠬᠢᠨᠠᠮᠠᠭᠠᠶ ᠭᠦᠶᠴᠡᠳᠬᠡᠵᠦ᠂ ᠬᠤᠶᠠᠷ ᠲᠠᠯ᠎ᠠ ᠶᠢᠨ ᠠᠮᠠᠯᠠᠭᠰᠠᠨ ᠵᠦᠶᠯᠡᠰ ᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠭᠠᠴᠠᠭ᠎ᠠ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ ᠨᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠰᠢᠶᠳᠪᠦᠷᠢᠯᠡᠬᠦ ᠠᠵᠢᠯᠯᠠᠭ᠎ᠠ ᠶᠢ ᠢᠳᠡᠪᠬᠢᠲᠡᠶ ᠳᠠᠭᠠᠵᠤ᠂ ᠡᠵᠡᠩᠨᠡᠯᠲᠡ ᠶᠢᠨ ᠠᠷᠭ᠎ᠠ ᠮᠠᠶ᠋ᠢᠭ ᠪᠣᠯᠤᠨ ᠣᠨᠣᠯᠵᠢᠬᠤᠨ ᠢ ᠬᠤᠪᠢᠷᠠᠭᠤᠯᠵᠤ᠂ ᠠᠵᠤ ᠦᠶᠯᠡᠰ ᠤᠨ ᠪᠦᠲᠦᠴᠡ ᠶᠢ ᠳᠣᠭᠢᠷᠠᠭᠤᠯᠤᠨ᠂ ᠮᠠᠯ ᠰᠦᠷᠦᠭ ᠤᠨ ᠡᠭᠦᠯᠳᠡᠷ ᠢ ᠰᠢᠯᠢᠳᠡᠭᠵᠢᠭᠦᠯᠵᠦ᠂ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠨᠢᠭᠡ ᠴᠣᠠᠠᠴᠠᠵᠢᠭᠤᠯᠥᠠᠠᠰᠠᠨ ᠮᠢᠬᠠᠨ ᠤ ᠦᠬᠡᠷ  ᠤᠨ ᠪᠥᠬᠦ ᠠᠵᠤ ᠦᠶᠯᠡᠰ ᠤᠨ ᠬᠡᠯᠬᠢᠶᠡᠵᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ  ᠶᠢ ᠡᠭᠦᠳᠴᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠠᠮᠢ ᠠᠬᠤᠶ ᠶᠢ ᠲᠡᠷᠢᠭᠦᠨ ᠳᠤ  ᠲᠠᠯᠪᠢᠭᠰᠠᠨ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ  ᠶᠢ ᠠᠬᠢᠭᠤᠯᠬᠤ ᠭᠡᠷᠡᠭᠲᠠᠢ ᠬᠡᠵᠠᠢ᠃   ᠡᠬᠢᠯᠡᠯᠲᠡ ᠶᠢᠨ ᠶᠣᠰᠣᠯᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠲᠠᠷᠤᠭ᠎ᠠ ᠬᠠᠶ ᠱᠠᠨ ᠪᠤᠯᠥᠨ ᠥᠪᠥᠷ ᠮᠣᠩᠭᠤᠯ ᠤᠨ ᠰᠢᠨ ᠨᠢᠦ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᠶᠠᠩ ᠯᠢᠨ ᠬᠠᠮᠲᠤ ᠪᠠᠷ ᠰᠠᠶᠢᠨ ᠡᠭᠦᠯᠳᠡᠷ  ᠤᠨ ᠮᠢᠬᠠᠨ ᠤ ᠦᠬᠡᠷ ᠤᠨ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ᠃   ᠪᠠᠷᠠᠭᠤᠨ ᠦᠵᠦᠮᠦᠴᠢᠨ ᠬᠤᠰᠢᠭᠤᠨ ᠤ  ᠲᠠᠯ᠎ᠠ ᠨᠤᠳᠤᠭ ᠤᠨ ᠰᠢᠨ ᠨᠢᠦ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠩ ᠪᠤᠤ ᠯᠢ ᠪᠠᠶᠠᠷ ᠤᠨ ᠶᠠᠷᠢᠶ᠎ᠠ ᠲᠠᠯᠪᠢᠵᠠᠢ᠃    2023 ᠣᠨ ᠳᠤ᠂ ᠪᠠᠷᠠᠭᠤᠨ ᠦᠵᠦᠮᠦᠴᠢᠨ  ᠬᠤᠰᠢᠭᠤ ᠨᠢ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠶᠯ ᠳᠤ ᠲᠦᠰᠢᠭᠯᠡᠨ᠂ ᠨᠡᠶᠢᠲᠡ 5000 ᠲᠦᠮᠡᠨ ᠲᠥᠭᠦᠷᠢᠭ ᠤᠨ ᠪᠠᠯᠠ ᠣᠷᠣᠭᠤᠯᠵᠤ᠂ 2.9 ᠲᠦᠮᠡᠨ ᠬᠠᠪᠲᠠᠭᠠᠢ ᠳᠥᠷᠪᠡᠯᠵᠢᠨ ᠮᠧᠲᠷ ᠲᠠᠯᠠᠪᠠᠶ ᠪᠠᠷᠢᠯᠭ᠎ᠠ ᠶᠢ ᠪᠠᠭᠲᠠᠭᠠᠭᠰᠠᠨ ᠨᠡᠶᠢᠲᠡ 20.6 ᠲᠦᠮᠡᠨ ᠬᠠᠪᠲᠠᠭᠠᠢ ᠳᠥᠷᠪᠡᠯᠵᠢᠨ ᠮᠧᠲᠷ ᠲᠠᠯᠠᠪᠠᠶ ᠪᠦᠬᠦᠢ ᠲᠦᠮᠡᠨ ᠦᠬᠡᠷ ᠪᠣᠷᠳᠣᠨ ᠲᠡᠵᠢᠭᠡᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ᠣᠳᠣᠬᠠᠨ ᠳᠤ ᠲᠤᠰ ᠲᠥᠷᠥᠯ ᠵᠦᠢᠯ ᠤᠨ 4000 ᠲᠣᠯᠣᠭᠠᠶ ᠦᠬᠡᠷ ᠪᠣᠷᠳᠣᠨ ᠲᠡᠵᠢᠭᠡᠬᠦ ᠬᠡᠪᠴᠢᠶ᠎ᠡ ᠶᠢ ᠨᠢᠭᠡᠨᠲᠡ ᠪᠠᠶᠢᠭᠤᠯᠵᠤ ᠳᠠᠭᠤᠰᠬᠠᠪᠠ᠃ ᠡᠭᠦᠨ ᠤ ᠵᠡᠷᠭᠡᠪᠡᠷ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠣᠨ︾ ᠤ ᠲᠥᠷᠥ ᠶᠢᠨ ᠪᠣᠳᠣᠯᠭ᠎ᠠ  ᠲᠠᠢ ᠤᠶᠠᠯᠳᠤᠭᠤᠯᠤᠨ᠂ ᠮᠢᠬᠠᠨ ᠤ ᠦᠬᠡᠷ ᠪᠣᠷᠳᠣᠨ ᠲᠡᠵᠢᠭᠡᠬᠦ᠂ ᠨᠢᠲᠤᠯᠵᠤ ᠪᠣᠯᠪᠠᠰᠤᠷᠠᠭᠤᠯᠬᠤ᠂ ᠮᠡᠷᠭᠡᠵᠢᠯ ᠤᠨ ᠦᠢᠯᠡᠴᠢᠯᠡᠭᠡ᠂ ᠪᠣᠷᠣᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠥᠪᠥᠷ ᠮᠣᠩᠭᠤᠯ ᠤᠨ ᠰᠢᠨ ᠨᠢᠦ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠤᠷᠢᠨ ᠠᠪᠴᠢᠷᠠᠵᠤ᠂ ᠨᠠᠶᠢᠳᠠᠨ ᠡᠵᠡᠩᠨᠡᠭᠦᠯᠬᠦ ᠰᠢᠰᠲ᠋ᠧᠮ ᠢ ᠪᠠᠶᠢᠭᠤᠯᠵᠤ᠂ ︽ᠡᠷᠦᠬᠡ ᠦᠷᠡᠵᠢᠭᠦᠯᠵᠦ ᠠᠵᠤ ᠠᠬᠤᠶᠢᠯᠠᠯ  ᠪᠤᠶᠢᠵᠢᠭᠤᠯᠬᠤ᠂ ᠲᠦᠷᠦᠭᠦᠯᠡᠨ ᠪᠣᠯᠪᠠᠰᠤᠷᠠᠭᠤᠯᠬᠤ᠂ ᠣᠯᠠᠨ ᠡᠰᠢᠵᠢᠭᠦᠯᠦᠨ ᠬᠤᠯᠪᠣᠬᠤ︾ ᠵᠠᠭᠪᠤᠷ ᠢ ᠬᠡᠷᠡᠭᠯᠡᠨ᠂ 30 ︱ 50 ᠭᠠᠴᠠᠭᠠᠨ ᠤ 1500 ︱2000 ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠵᠤ᠂ ᠦᠷᠡᠵᠢᠭᠦᠯᠬᠦ᠂ ᠪᠤᠶᠢᠵᠢᠭᠤᠯᠬᠤ᠂ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠡᠵᠡᠩᠨᠡᠯᠲᠡ ᠶᠢᠨ ᠵᠠᠭᠪᠤᠷ ᠢ ᠪᠣᠶ ᠪᠣᠯᠭᠠᠵᠤ᠂ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠢᠬᠠᠨ ᠤ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠪᠣᠶ ᠪᠣᠯᠭᠠᠵᠤ᠂ ᠠᠵᠤ ᠠᠬᠤᠶᠢᠯᠠᠯ ᠤᠨ ᠣᠷᠣᠯᠭ᠎ᠠ ᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ  ᠪᠡᠶᠡᠯᠡᠬᠦᠯᠬᠦ  ᠪᠤᠯᠥᠨ᠎ᠠ᠃   ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ︽ᠪᠦᠬᠦ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ︾ ᠶᠢᠨ ᠠᠰᠢᠭᠲᠠᠶ ᠠᠵᠠ ᠲᠣᠬᠢᠶᠠᠯ  ᠢᠶᠠᠷ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠡᠭᠦᠯᠳᠡᠷ ᠤᠨ ᠦᠬᠡᠷ ᠤᠨ ᠲᠠᠯᠠᠪᠠᠶ + ᠭᠤᠣᠯᠳᠠᠯᠭᠠᠲᠤ ᠰᠦᠷᠦᠭ + ᠲᠡᠵᠢᠭᠡᠨ ᠦᠷᠡᠵᠢᠭᠦᠯᠬᠦ ᠡᠷᠦᠬᠡ︾ ᠪᠠᠷ ᠭᠤᠣᠯ ᠪᠣᠯᠭᠠᠭᠰᠠᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠠᠶᠢᠭᠤᠯᠵᠤ᠂ ᠢᠴᠡᠭᠡᠯ ᠦᠷ᠎ᠡ ᠪᠠᠷ ᠬᠡᠭᠡᠯᠲᠦᠭᠦᠯᠬᠦ᠂ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠰᠠᠶᠢᠨ ᠡᠭᠦᠯᠳᠡᠷ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠢᠬᠠᠨ ᠤ ᠦᠬᠡᠷ ᠤᠨ ᠶᠡᠷᠦᠩᠬᠡᠢ ᠦᠷ᠎ᠡ ᠠᠰᠢᠭ ᠪᠠ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠢᠮᠠᠭ ᠤᠨ ᠲᠠᠰ ᠤᠨ ᠮᠢᠬᠠᠨ ᠤ ᠦᠬᠡᠷ ᠤᠨ ᠡᠭᠦᠯᠳᠡᠷ ᠤᠨ ᠲᠠᠯᠠᠪᠠᠶ 3 ᠶᠢ ᠪᠠᠶᠢᠭᠤᠯᠵᠤ᠂ 33 ᠭᠤᠣᠯᠳᠠᠯᠭᠠᠲᠤ ᠰᠦᠷᠦᠭ ᠲᠠᠢ ᠪᠣᠯᠣᠭᠰᠠᠨ ᠢᠶᠠᠷ ᠪᠠᠷᠠᠬᠤ ᠦᠭᠡᠢ ᠵᠢᠯ ᠳᠡᠭᠡᠨ 35 ᠲᠦᠮᠡ ᠭᠠᠷᠤᠶ ᠲᠣᠯᠣᠭᠠᠢ ᠰᠢᠮᠧᠨ᠋ᠲᠷ ᠦᠬᠡᠷ᠂ ᠠᠩᠭᠧᠰ ᠦᠬᠡᠷ᠂ ︽ᠦᠵᠦᠮᠦᠴᠢᠨ ᠴᠠᠭᠠᠨ ᠦᠬᠡᠷ︾ ᠵᠡᠷᠭᠡ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠦᠯᠡᠳᠡᠭᠡᠨ ᠣᠨᠳᠤᠷᠤᠭᠤᠯᠵᠤ᠂ ᠪᠥᠬᠦ ᠬᠤᠰᠢᠭᠤᠨ ᠤ ᠮᠢᠬᠠᠨ ᠤ ᠦᠬᠡᠷ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ  ᠲᠠᠯᠪᠢᠭᠰᠠᠨ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ  ᠨᠤᠳᠤᠭ ᠤᠨ ᠰᠢᠨ ᠨᠢᠦ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠩ  ᠪᠤᠤ ᠯᠢ    — ᠮᠠᠨ ᠤ ᠺᠣᠮᠫᠠᠨᠢ ᠪᠣᠯ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠲᠠᠬᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠲᠥᠪᠯᠡᠷᠡᠭᠦᠯᠦᠭᠰᠡᠨ᠂ ᠬᠡᠪᠴᠢᠶᠡᠵᠢᠭᠦᠯᠦᠭᠰᠡᠨ ᠠᠷᠠᠴᠢᠯᠠᠭ᠎ᠠ ᠶᠢᠨ ᠠᠷᠭ᠎ᠠ ᠮᠠᠶ᠋ᠢᠭ ᠢᠶᠠᠷ ᠣᠬᠤᠷ ᠬᠤᠭᠤᠴᠠᠭᠠᠨ ᠤ ᠥᠨᠳᠥᠷ ᠦᠷ᠎ᠡ ᠠᠰᠢᠭ ᠲᠠᠢ ᠪᠤᠷᠳᠤᠬᠤ ᠶᠢ ᠪᠡᠶᠡᠯᠡᠭᠦᠯᠭᠦ ᠪᠤᠯᠥᠨ᠎ᠠ᠃ ᠥᠨᠥᠳᠦᠷ ᠨᠡᠶᠢᠲᠡ 300 ᠭᠠᠷᠦᠢ ᠦᠬᠡᠷ ᠰᠠᠭᠤᠷᠢᠨ ᠭᠠᠵᠠᠷ ᠲᠤ ᠣᠷᠣᠵᠤ ᠢᠷᠡᠯ᠎ᠡ᠃ ᠡᠳᠡᠭᠡᠷ ᠦᠬᠡᠷ ᠳᠤᠮᠳᠠᠴᠢ  ᠪᠠᠷ ᠵᠠᠬ᠎ᠠ ᠳᠡᠯᠭᠡᠭᠦᠷ ᠤᠨ ᠦᠨ᠎ᠡ ᠠᠴᠠ ᠵᠢᠩ ᠪᠦᠷᠢ ᠳᠤ ᠨᠢᠭᠡ ᠲᠥᠭᠦᠷᠢᠭ ᠥᠨᠳᠥᠷ ᠦᠨ᠎ᠡ ᠪᠠᠷ ᠬᠤᠳᠠᠯᠳᠤᠨ ᠠᠪᠴᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠰᠡᠨ ᠤ ᠳᠠᠷᠠᠭᠠᠬᠢ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠶᠢ ᠨᠡᠮᠡᠭᠳᠡᠬᠦᠯᠬᠦ ᠪᠤᠯᠥᠨ᠎ᠠ᠃ ᠮᠠᠨ ᠤ ᠺᠤᠮᠫᠠᠨᠢ ᠨᠢ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ᠂ ᠮᠠᠯᠵᠢᠬᠤ ᠡᠷᠦᠬᠡ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠦᠨ᠂ ᠮᠢᠬᠠᠨ ᠤ ᠦᠬᠡᠷ ᠤᠨ ᠠᠵᠤ ᠦᠶᠯᠡᠰ ᠤᠨ ᠰᠠᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠪᠤᠯᠥᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号