ᠮᠠᠯᠴᠢᠨ ᠵᠠᠯᠠᠭᠤ ᠨᠠᠮᠤᠷ᠎ᠠ ᠤᠯᠠᠭᠠᠨ ᠢᠮᠠᠭ᠎ᠠ  ᠮᠠᠯᠵᠢᠵᠤ ᠠᠰᠢᠭ ᠣᠷᠣᠯᠭ᠎ᠠ ᠡᠭᠦᠳᠦᠨ᠎ᠡ
ᠨᠡᠶᠢᠲᠡᠯᠡᠭᠰᠡᠨ ᠴᠠᠭ᠄
2024/6/17
    ᠤᠯᠠᠭᠠᠨ ᠢᠮᠠᠭ᠎ᠠ ᠮᠠᠯᠵᠢᠳᠠᠭ ᠮᠠᠯᠴᠢᠨ ᠵᠠᠯᠠᠭᠤ ᠨᠠᠮᠤᠷ᠎ᠠ ᠶᠢᠨ ᠢᠮᠠᠭ᠎ᠠ ᠮᠠᠯᠵᠢᠭᠰᠠᠨ ᠠᠷᠭ᠎ᠠ ᠲᠣᠷᠰᠢᠯᠭ᠎ᠠ ᠶᠢ ᠬᠤᠪᠢᠶᠠᠯᠴᠠᠬᠤ ᠬᠡᠮᠡᠨ ᠲᠠᠪᠤᠨ ᠰᠠᠷ᠎ᠠ ᠶᠢᠨ ᠰᠡᠭᠦᠯᠴᠢ ᠪᠠᠷ ᠮᠠᠨ ᠤ ᠰᠣᠷᠪᠤᠯᠵᠢᠯᠠᠭ᠎ᠠ ᠶᠢᠨ ᠪᠠᠭ ᠤᠨ ᠬᠢᠨ ᠪᠠᠶᠠᠨᠬᠤᠸᠠ ᠪᠠᠯᠭᠠᠰᠣᠨ ᠤ ᠠᠯᠲᠠᠨᠬᠢᠩᠭᠠᠨ ᠭᠠᠴᠠᠭ᠎ᠠ ᠶᠢ ᠵᠣᠷᠢᠯ᠎ᠠ  ᠃      ᠨᠠᠮᠤᠷ᠎ᠠ ᠪᠠᠭ᠎ᠠ ᠨᠠᠰᠤᠨ ᠠᠴᠠ ᠪᠠᠨ ᠰᠣᠷᠭᠠᠭᠤᠯᠢ ᠰᠤᠶᠤᠯ ᠤᠨ ᠮᠦᠷ ᠬᠦᠭᠡᠭᠡᠵᠦ ᠶᠠᠪᠤᠭᠰᠠᠨ ᠢᠶᠠᠨ 2018 ᠣᠨ ᠳᠤ ᠬᠥᠳᠡᠭᠡ ᠪᠠᠨ ᠪᠤᠴᠠᠵᠤ᠂ ᠠᠪᠤ ᠡᠵᠢ ᠪᠠᠨ ᠬᠠᠪᠰᠣᠷᠣᠨ ᠠᠵᠢᠯ ᠬᠥᠳᠡᠯᠮᠦᠷᠢ ᠬᠢᠵᠦ᠂ ᠮᠠᠯ ᠮᠠᠯᠵᠢᠯ ᠤᠨ ᠤᠬᠠᠭᠠᠨ ᠢ ᠰᠣᠷᠴᠤ ᠥᠪᠯᠡᠬᠦ ᠶᠢ ᠵᠣᠷᠢᠭᠰᠠᠨ ᠪᠠᠶᠢᠨ᠎ᠠ᠃ ᠨᠠᠮᠣᠷ᠎ᠠ ᠬᠥᠳᠡᠭᠡ ᠶᠢᠨ ᠬᠡᠣᠬᠡᠳ ᠪᠤᠯᠬᠤᠷ ᠬᠠᠷᠠᠬᠠᠨ ᠪᠠᠭ᠎ᠠ ᠠᠴᠠ ᠪᠠᠨ ᠮᠠᠯ ᠤᠨᠤᠭ᠎ᠠ ᠲᠠᠢ ᠨᠤᠴᠤᠯᠳᠤᠨ ᠥᠰᠴᠤ᠂ ᠲᠠᠪᠤᠨ ᠬᠤᠰᠢᠭᠤ ᠮᠠᠯ ᠤᠨ ᠢᠶᠠᠨ ᠠᠯᠢ ᠠᠯᠢᠨ ᠳᠤ ᠨᠢ ᠴᠤ ᠬᠠᠶᠢᠷᠠᠲᠠᠢ ᠪᠠᠶᠢᠳᠠᠭ᠃ ᠲᠠᠪᠤᠨ ᠬᠤᠰᠢᠭᠤ ᠮᠠᠯ ᠤᠨ ᠨᠢᠭᠡ ᠪᠣᠯᠬᠤ ᠢᠮᠠᠭ᠎ᠠ ᠶᠢ ᠣᠯᠠᠩᠭᠢ ᠮᠠᠯᠴᠢᠨ ᠠᠶᠢᠯ ᠬᠤᠨᠢᠨ ᠰᠦᠷᠦᠭ ᠲᠠᠢ ᠪᠠᠨ ᠬᠠᠮᠲᠤ ᠮᠠᠯᠵᠢᠳᠠᠭ ᠴᠤ ᠰᠦᠷᠦᠭ ᠲᠡᠭᠡᠨ ᠨᠡᠶᠢᠯᠡᠬᠦ ᠦᠭᠡᠢ᠂ ᠲᠤᠣᠷ ᠬᠦᠷᠢᠶᠡᠨ ᠳᠤ ᠲᠤᠭᠲᠠᠬᠤ ᠦᠭᠡᠢ ᠭᠡᠮᠡᠨ ᠲᠤᠭ᠎ᠠ ᠲᠤᠯᠤᠭᠠᠢ ᠶᠢ  ᠨᠢ ᠴᠥᠭᠡᠳᠬᠡᠵᠦ᠂ ᠠᠷᠪᠠ ᠲᠠᠪᠤ ᠪᠠᠷ ᠮᠠᠯᠵᠢᠳᠠᠭ ᠪᠣᠯᠣᠭᠰᠠᠨ ᠪᠠᠶᠢᠨ᠎ᠠ᠃ ᠭᠡᠪᠡᠴᠦ ᠨᠠᠮᠣᠷ᠎ᠠ ᠬᠠᠷᠢᠨ ᠰᠡᠷᠭᠦᠯᠡᠩ ᠴᠣᠪᠣᠭᠤᠯᠢᠭ ᠣᠷᠠᠨ ᠠᠪᠬᠠᠯᠵᠢ ᠲᠠᠢ ᠢᠮᠠᠭ᠎ᠠ ᠭᠡᠳᠡᠭ ᠠᠮᠢᠲᠠᠨ ᠢ ᠲᠤᠩ ᠥᠬᠦᠭᠡᠷᠳᠡᠨ᠂ ᠥᠰᠬᠡᠵᠦ ᠦᠷᠡᠵᠢᠭᠦᠯᠬᠦ ᠰᠠᠨᠠᠭ᠎ᠠ ᠪᠣᠳᠣᠯ ᠤᠷᠤᠵᠤ᠂ ᠠᠪᠤ ᠡᠵᠢ ᠲᠠᠢ ᠪᠠᠨ ᠵᠥᠪᠯᠡᠵᠡᠢ᠃ ᠲᠡᠷᠡᠪᠡᠷ 2020 ᠣᠨ ᠳᠤ ᠣᠯᠠᠭᠠᠨᠴᠠᠪ ᠠᠶᠢᠮᠠᠭ ᠤᠨ ᠳᠥᠷᠪᠡᠳ ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠥᠨᠢᠳ  ᠂ ᠠᠪᠠᠭ᠎ᠠ  ᠬᠤᠰᠢᠭᠤ ᠵᠡᠷᠭᠡ ᠭᠠᠵᠠᠷ ᠣᠷᠣᠨ ᠤ ᠬᠢᠯᠢ ᠬᠢᠵᠠᠭᠠᠷ ᠳᠠᠭᠠᠣ ᠰᠠᠭᠤᠷᠢᠰᠢᠳᠠᠭ ᠮᠠᠯᠴᠢᠨ ᠠᠶᠢᠯ ᠠᠴᠠ ᠤᠯᠠᠭᠠᠨ ᠢᠮᠠᠭ᠎ᠠ᠂ ᠠᠯᠠᠭ ᠢᠮᠠᠭ᠎ᠠ ᠴᠤᠭᠯᠠᠭᠤᠯᠵᠤ᠂ ᠬᠡᠳᠦᠨ ᠵᠢᠯ ᠥᠰᠬᠡᠵᠦ ᠦᠷᠡᠵᠢᠭᠦᠯᠦᠨ ᠣᠳᠤ ᠪᠣᠯᠬᠤ ᠳᠤ ᠲᠥᠯ ᠲᠠᠢ ᠪᠠᠨ 400 ᠭᠠᠷᠣᠢ ᠢᠮᠠᠭ᠎ᠠ  ᠮᠠᠯᠵᠢᠬᠤ ᠪᠤᠯᠤᠭᠰᠠᠨ ᠪᠠᠶᠢᠨ᠎ᠠ᠃    ᠤᠯᠠᠭᠠᠨ ᠢᠮᠠᠭ᠎ᠠ ᠨᠢ ᠮᠣᠩᠭᠤᠯ ᠤᠨ ᠦᠨᠳᠦᠷᠯᠢᠭ ᠤᠨ ᠢᠮᠠᠭᠠᠨ ᠲᠥᠷᠦᠯ ᠤᠨ ᠨᠢᠭᠡ ᠪᠠᠶᠢᠵᠤ᠂ ᠤᠯᠠᠭᠠᠨ ᠵᠢᠰᠦᠮ ᠢᠶᠠᠷ ᠢᠶᠠᠨ ᠤᠨᠴᠠᠯᠢᠭᠳᠠᠵᠤ᠂ ᠠᠭᠤᠯᠠ ᠣᠰᠤ ᠲᠠᠢ ᠰᠢᠮᠡᠯᠢᠭ ᠪᠡᠯᠴᠢᠭᠡᠷ ᠲᠤ ᠠᠮᠠᠷᠬᠠᠨ ᠨᠤᠳᠤᠭᠰᠢᠳᠠᠭ ᠪᠠᠶᠢᠵᠠᠢ᠃ ᠬᠢᠯᠢ ᠭᠠᠵᠠᠷ ᠤᠨ ᠤᠯᠠᠭᠠᠨ ᠢᠮᠠᠭ᠎ᠠ ᠨᠢ ᠦᠵᠦᠮᠦᠴᠢᠨ ᠨᠤᠲᠤᠭ ᠤᠨ ᠥᠩ ᠰᠢᠮᠡᠯᠢᠭ ᠪᠡᠯᠴᠢᠭᠡᠷ ᠲᠤ ᠤᠳᠠᠯ ᠦᠭᠡᠢ ᠢᠳᠡᠭᠡᠰᠢᠨ ᠲᠠᠰᠴᠤ᠂ ᠥᠶᠦᠭ ᠳᠠᠩᠰᠤᠭ ᠦᠵᠦᠮᠦᠴᠢᠨ ᠨᠤᠲᠤᠭ ᠤᠨ ᠠᠭᠤᠯᠠ ᠣᠰᠤᠨ ᠳᠤ ᠦᠵᠡᠮᠵᠢ ᠨᠢᠭᠡ ᠶᠢ ᠨᠡᠮᠡᠷᠢᠯᠡᠵᠦ  ᠂ ᠮᠠᠯᠴᠢ ᠡᠵᠡᠨ ᠨᠢ ᠨᠠᠮᠤᠷ᠎ᠠ ᠴᠤ ᠣᠯᠠᠭᠠᠨ ᠢᠮᠠᠭᠠᠳ ᠢᠶᠠᠨ ᠨᠠᠷᠢᠨ ᠨᠢᠮᠪᠠᠢ ᠠᠷᠠᠴᠢᠯᠠᠨ ᠮᠠᠯᠵᠢᠵᠤ᠂ ᠤᠯᠠᠭᠠᠨ ᠢᠮᠠᠭᠠᠨ ᠰᠦᠷᠦᠭ ᠨᠢ ᠨᠤᠲᠤᠭ ᠣᠷᠣᠨ ᠳᠠᠭᠠᠨ ᠤᠨᠴᠠᠯᠢᠭᠳᠠᠵᠤ ᠬᠤᠯᠠ ᠤᠶᠢᠷ᠎ᠠ ᠶᠢᠨ ᠮᠠᠯᠴᠢᠳ ᠤᠨ ᠠᠩᠬᠠᠷᠣᠯ ᠢ    ᠳᠠᠲᠠᠨ᠂ ᠤᠯᠠᠨ ᠬᠦᠮᠦᠰ ᠲᠡᠭᠦᠨ ᠤ ᠤᠯᠠᠭᠠᠨ ᠢᠮᠠᠭᠠᠨ ᠤ ᠬᠢᠨᠢ ᠲᠥᠯ ᠠᠴᠠ ᠬᠤᠳᠠᠯᠳᠤᠨ ᠠᠪᠴᠤ᠂ ᠢᠮᠠᠭ᠎ᠠ ᠮᠠᠯᠵᠢᠭᠰᠠᠨ ᠲᠤᠷᠰᠢᠯᠭ᠎ᠠ ᠶᠢ ᠨᠢ  ᠰᠣᠷᠣᠯᠴᠠᠭᠰᠠᠨ ᠪᠠᠶᠢᠨ᠎ᠠ᠃    ︽ᠤᠯᠠᠭᠠᠨ ᠢᠮᠠᠭ᠎ᠠ ᠨᠢ ᠪᠤᠰᠤᠳ ᠵᠢᠰᠦᠮ ᠤᠨ ᠢᠮᠠᠭ᠎ᠠ ᠲᠠᠢ ᠠᠳᠠᠯᠢᠬᠠᠨ ᠢᠳᠡᠬᠦ ᠨᠢ ᠪᠠᠭ᠎ᠠ᠂ ᠡᠪᠡᠳᠴᠢᠨ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠲᠡᠵᠢᠭᠡᠯ ᠠᠪᠬᠤ ᠨᠢ ᠲᠥᠷᠭᠡᠨ  ᠂ ᠲᠥᠯ ᠮᠠᠯ ᠨᠢ ᠥᠯᠴᠢᠷ  ᠂ ᠬᠦᠢᠲᠡᠨ ᠬᠠᠯᠠᠭᠤᠨ ᠳᠤ ᠲᠡᠰᠪᠦᠷᠢ ᠳᠠᠭᠠᠭᠠᠴᠠᠲᠠᠢ᠂ ᠵᠢᠯ ᠤᠨ ᠳᠦᠷᠪᠡᠨ ᠤᠯᠠᠷᠢᠯ ᠪᠡᠯᠴᠢᠭᠡᠷᠯᠡᠨ ᠮᠠᠯᠵᠢᠬᠤ ᠳᠤ ᠲᠤᠬᠢᠷᠠᠬᠤ ᠤᠴᠢᠷ ᠠᠴᠠ ᠮᠠᠯᠵᠢᠬᠤ ᠳᠤ ᠬᠢᠯᠪᠠᠷ᠂ ᠵᠠᠷᠣᠳᠠᠯ ᠮᠦᠩᠭᠦᠨ ᠳᠤ ᠠᠷᠪᠢᠲᠠᠢ︾ ᠭᠡᠮᠡᠨ ᠨᠠᠮᠣᠷ᠎ᠠ ᠤᠯᠠᠭᠠᠨ ᠢᠮᠠᠭ᠎ᠠ ᠮᠠᠯᠵᠢᠭᠰᠠᠨ ᠲᠤᠷᠰᠢᠯᠭ᠎ᠠ ᠪᠠᠨ ᠪᠢᠳᠡᠨ ᠲᠠᠢ ᠬᠤᠪᠢᠶᠠᠯᠴᠠᠯ᠎ᠠ᠃     ᠤᠯᠠᠭᠠᠨ ᠢᠮᠠᠭᠠᠨ ᠤ ᠤᠨᠴᠠᠯᠢᠭ ᠰᠢᠨᠵᠢ᠂ ᠮᠠᠯᠵᠢᠯ ᠤᠨ ᠠᠷᠭ᠎ᠠ ᠬᠡᠯᠪᠡᠷᠢ᠂ ᠮᠢᠬ᠎ᠠ᠂ ᠨᠤᠤᠰᠤ ᠨᠤᠤᠯᠤᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠠᠯ᠎ᠠ ᠪᠠᠷ ᠲᠠ ᠪᠦᠬᠦᠨ ᠮᠠᠨ ᠤ ᠰᠣᠷᠪᠤᠯᠵᠢᠯᠠᠭ᠎ᠠ ᠠᠴᠠ ᠣᠶᠢᠯᠠᠭᠠᠭᠠᠷᠠᠢ  ︕  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号