ᠵᠤᠨ ᠤ ᠤᠯᠠᠷᠢᠯ ᠳᠤ ᠬᠤᠨᠢ ᠲᠡᠵᠢᠭᠡᠬᠦ᠄ ᠭᠤᠷᠪᠠᠨ ᠴᠡᠭᠡᠷᠯᠡᠯ᠂ ᠭᠤᠷᠪᠠᠨ ᠴᠢᠩᠭᠠᠳᠬᠠᠯ
ᠨᠡᠶᠢᠲᠡᠯᠡᠭᠰᠡᠨ ᠴᠠᠭ᠄
2024/6/17
    ᠵᠣᠨ ᠤ ᠤᠯᠠᠷᠢᠯ ᠪᠣᠯ ᠲᠡᠵᠢᠭᠡᠯ ᠡᠪᠡᠰᠦᠨ ᠤ ᠦᠢᠯᠡᠳᠪᠦᠷᠢᠯᠡᠯ ᠤᠨ ᠬᠥᠭᠵᠢᠯᠲᠡᠢ ᠤᠯᠠᠷᠢᠯ᠂ ᠮᠥᠨ ᠴᠦ ᠢᠮᠠᠭᠠᠨ ᠤ ᠥᠰᠦᠯᠲᠡ ᠦᠷᠡᠵᠢᠯᠲᠡ ᠶᠢᠨ ᠬᠥᠭᠵᠢᠯᠲᠡᠢ ᠤᠯᠠᠷᠢᠯ ᠮᠥᠨ᠃ ᠭᠡᠪᠡᠴᠦ ᠵᠣᠨ ᠤ ᠤᠯᠠᠷᠢᠯ ᠳᠤ ᠠᠭᠠᠷ ᠤᠨ ᠳᠤᠯᠠᠭᠠᠨ ᠥᠨᠳᠥᠷ᠂ ᠴᠢᠭᠢᠭᠲᠦᠴᠡ ᠶᠡᠭᠡ᠂ ᠰᠢᠮᠠᠭᠤᠯ ᠬᠤᠷᠣᠬᠠᠢ ᠠᠷᠪᠢᠨ᠂ ᠸᠢᠷᠦ᠋ᠰ ᠪᠠᠺᠲ᠋ᠧᠷᠢ ᠶᠢᠨ ᠦᠷᠡᠵᠢᠯᠲᠡ ᠲᠦᠷᠭᠡᠨ ᠪᠠᠶᠢᠳᠠᠭ᠃ ᠬᠡᠷᠪᠡ ᠬᠠᠮᠢᠶᠠᠷᠤᠯᠲᠠ ᠶᠢ ᠠᠩᠬᠠᠷᠬᠤ ᠦᠭᠡᠢ ᠪᠣᠯ ᠬᠤᠨᠢ ᠢᠮᠠᠭᠠᠨ ᠤ ᠡᠪᠡᠳᠴᠢᠨ ᠡᠮᠭᠡᠭ ᠢ ᠠᠮᠠᠷᠬᠠᠨ ᠡᠭᠦᠰᠬᠡᠵᠦ᠂ ᠴᠢᠨᠠᠭᠰᠢᠯᠠᠪᠠᠯ ᠦᠬᠦᠵᠦ᠂ ᠬᠤᠨᠢ ᠢᠮᠠᠭᠠᠨ ᠤ ᠬᠥᠭᠵᠢᠯᠲᠡ ᠶᠢ ᠬᠦᠨᠳᠦ ᠨᠣᠴᠢᠲᠠᠢ ᠬᠢᠵᠠᠭᠠᠷᠯᠠᠳᠠᠭ᠃           ︽ᠴᠡᠭᠡᠷᠯᠡᠯ ᠨᠢᠭᠡ︾ ᠦᠳᠡ ᠳᠤ ᠮᠠᠯ ᠬᠠᠷᠢᠭᠤᠯᠬᠤ ᠶᠢ ᠴᠡᠭᠡᠷᠯᠡᠵᠦ᠂ ᠬᠤᠨᠢ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠢ᠃ ᠮᠠᠯ ᠬᠠᠷᠢᠭᠤᠯᠠᠬᠤ ᠳᠤ ᠦᠳᠡ ᠶᠢᠨ ᠡᠮᠦᠨ᠎ᠡ ᠪᠤᠶᠤ ᠦᠳᠡᠰᠢ ᠶᠢᠨ ᠦᠶ᠎ᠡ ᠪᠠᠷ ᠬᠠᠷᠢᠭᠤᠯᠠᠪᠠᠯ ᠵᠣᠬᠢᠰᠲᠠᠢ ᠪᠠᠶᠢᠵᠤ᠂ ᠬᠡᠳᠤ ᠡᠷᠲᠡ ᠬᠠᠷᠢᠭᠤᠯᠠᠵᠤ ᠪᠣᠯᠬᠤ ᠦᠭᠡᠢ᠃ ᠬᠤᠨᠢ ᠢᠮᠠᠭ᠎ᠠ ᠰᠢᠭᠦᠳᠡᠷᠢ ᠶᠢᠨ ᠤᠰᠤ ᠲᠠᠢ ᠡᠪᠡᠰᠦ ᠶᠢ ᠢᠳᠡᠪᠡᠯ ᠠᠮᠠᠷᠬᠠᠨ ᠠᠮᠠᠷᠠᠤᠳᠠᠳᠠᠭ︔ ᠬᠠᠷᠢᠭᠤᠯᠠᠬᠤ ᠴᠠᠭ ᠢ ᠡᠷᠲᠡ ᠪᠠᠷᠠᠭᠤᠨ ᠡᠮᠦᠨ᠎ᠡ ᠣᠷᠣᠢ ᠵᠡᠭᠦᠨ ᠬᠤᠶᠢᠲᠤ ᠵᠦᠭ ᠲᠤ ᠳᠠᠷᠤᠢ ᠦᠳᠡ ᠶᠢᠨ ᠡᠮᠦᠨ᠎ᠡ ᠠᠭᠤᠯᠠᠨ ᠬᠥᠲᠥᠯ ᠤᠨ ᠪᠠᠷᠠᠭᠤᠨ ᠡᠮᠦᠨ᠎ᠡ ᠲᠠᠯ᠎ᠠ ᠳᠤ ᠲᠠᠯᠪᠢᠵᠤ᠂ ᠦᠳᠡ ᠶᠢᠨ ᠬᠤᠶᠢᠨ᠎ᠠ ᠠᠭᠤᠯᠠᠨ ᠬᠥᠲᠥᠯ ᠤᠨ ᠵᠡᠭᠦᠨ ᠬᠤᠶᠢᠲᠤ ᠲᠠᠯ᠎ᠠ᠂ ᠨᠠᠷᠠᠨ ᠳᠤ ᠰᠢᠭᠤᠳ ᠰᠢᠷᠠᠭᠳᠠᠬᠤ ᠠᠴᠠ ᠪᠣᠯᠭᠤᠮᠵᠢᠯᠠᠵᠤ᠂ ᠬᠤᠨᠢ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠢ᠃           ︽ᠴᠡᠭᠡᠷᠯᠡᠯ ᠬᠤᠶᠠᠷ︾ ᠬᠤᠨᠢ ᠶᠢ ᠠᠷᠢᠭᠤᠳᠬᠠᠨ ᠬᠤᠷᠣᠬᠠᠢ ᠶᠢ ᠨᠢ ᠴᠣᠬᠢᠵᠤ᠂ ᠬᠤᠨᠢᠨ ᠤ ᠬᠤᠣᠷᠳᠠᠭᠳᠠᠬᠤ ᠶᠢ ᠰᠡᠷᠭᠡᠶᠢᠯᠡᠬᠦ ᠬᠡᠷᠡᠭᠲᠡᠢ᠃ ᠵᠣᠨ ᠤ ᠴᠠᠭ ᠪᠣᠯ ᠮᠥᠨᠴᠦ ᠪᠠᠺᠲ᠋ᠧᠷᠢ ᠶᠢᠨ ᠸᠢᠷᠦ᠋ᠰ᠂ ᠰᠢᠮᠡᠭᠦᠷ ᠬᠤᠷᠣᠬᠠᠢ ᠶᠢᠨ ᠦᠷᠡᠵᠢᠯ ᠤᠨ ᠬᠥᠭᠵᠢᠯᠲᠡᠢ ᠤᠯᠠᠷᠢᠯ ᠪᠣᠯᠬᠤᠷ ᠮᠠᠰᠢ ᠣᠯᠠᠨ ᠲᠡᠵᠢᠭᠡᠨ ᠦᠷᠡᠵᠢᠭᠦᠯᠬᠦ ᠡᠷᠦᠬᠡ ᠨᠢ ᠲᠥᠬᠦᠮ ᠲᠦᠷᠭᠡᠨ᠂ ᠴᠠᠭ ᠢ ᠠᠷᠪᠢᠯᠠᠬᠤ ᠶᠢᠨ ᠲᠥᠯᠥᠭᠡ ᠬᠤᠨᠢ ᠪᠠᠨ ᠠᠪᠴᠤ ᠠᠷᠢᠭᠤᠳᠬᠠᠨ᠂ ᠬᠤᠷᠣᠬᠠᠢ ᠠᠯᠠᠳᠠᠭ᠃ ᠭᠡᠶ᠎ᠡ ᠵᠣᠬᠢᠰᠲᠠᠢ ᠰᠢᠢᠳᠪᠦᠷᠢᠯᠡᠭᠰᠡᠨ ᠦᠭᠡᠢ ᠪᠣᠯ ᠬᠤᠨᠢᠨ ᠤ ᠰᠦᠷᠦᠭ ᠲᠤ ᠬᠥᠩᠭᠡᠨ ᠬᠤᠣᠷᠳᠠᠭᠳᠠᠬᠤ ᠪᠤᠶᠤ ᠤᠳᠠᠭᠠᠨ ᠬᠤᠣᠷᠳᠠᠭᠳᠠᠬᠤ ᠪᠠᠶᠢᠳᠠᠯ ᠢᠯᠡᠷᠡᠵᠦ᠂ ᠬᠤᠨᠢᠨ ᠤ ᠥᠰᠦᠯᠲᠡ ᠪᠤᠶᠢᠵᠢᠯᠲᠠ ᠶᠢ ᠨᠥᠯᠥᠭᠡᠯᠡᠳᠡᠭ᠃           ︽ᠴᠡᠭᠡᠷᠯᠡᠯ ᠭᠤᠷᠪᠠ︾ ᠬᠤᠨᠢᠨ ᠤ ᠰᠠᠷᠠᠪᠴᠢ ᠪᠤᠵᠠᠷᠲᠤᠭᠰᠠᠨ ᠠᠴᠠ ᠪᠣᠯᠵᠤ ᠡᠪᠡᠳᠴᠢᠨ ᠡᠮᠭᠡᠭ ᠲᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃ ᠵᠤᠨ ᠤ ᠤᠯᠠᠷᠢᠯ ᠳᠤ ᠬᠤᠨᠢᠨ ᠤ ᠢᠯᠭᠠᠳᠠᠰᠤᠨ ᠤ ᠢᠰᠬᠡᠯᠲᠡ ᠲᠦᠷᠭᠡᠨ᠂ ᠰᠢᠪᠲᠦᠷ ᠤᠨ ᠬᠡᠢ ᠠᠷᠪᠢᠨ᠂ ᠡᠨᠡ   ᠨᠢ ᠬᠤᠨᠢᠨ ᠤ ᠨᠡᠶᠢᠯᠡᠮᠡᠯ ᠪᠦᠷᠬᠦᠪᠴᠢ ᠶᠢᠨ ᠡᠪᠡᠷᠯᠢᠭ ᠪᠦᠷᠬᠦᠪᠴᠢ ᠶᠢᠨ ᠦᠷᠪᠢᠰᠦᠯ ᠢ ᠠᠮᠠᠷᠬᠠᠨ ᠡᠭᠦᠰᠬᠡᠵᠦ᠂ ᠴᠠᠭᠠᠨ ᠬᠠᠷᠠᠩ ᠢ ᠡᠭᠦᠰᠬᠡᠵᠦ᠂ ᠬᠦᠨᠳᠦ ᠨᠣᠴᠢᠲᠠᠢ ᠨᠢ ᠬᠠᠷᠠᠭ᠎ᠠ ᠠᠯᠳᠠᠵᠤ᠂ ᠬᠤᠨᠢᠨ ᠤ ᠢᠳᠡᠰᠢᠯᠡᠬᠦ ᠶᠢ ᠰᠢᠭᠤᠳ ᠨᠥᠯᠥᠭᠡᠯᠡᠳᠡᠭ᠃ ᠪᠠᠰᠠ ᠠᠮᠢᠰᠬᠤᠯ ᠤᠨ ᠵᠠᠮ ᠵᠡᠷᠭᠡ ᠡᠪᠡᠳᠴᠢᠨ ᠢ ᠡᠭᠦᠰᠬᠡᠳᠡᠭ᠃         ︽ᠴᠢᠩᠭᠠᠳᠬᠠᠯ ᠨᠢᠭᠡ︾ ᠬᠤᠨᠢᠨ ᠰᠦᠷᠦᠭ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠢᠭᠡ ᠳᠤ ᠨᠠᠷᠢᠯᠢᠭ ᠳᠠᠪᠤᠰᠤ ᠶᠢ ᠨᠥᠬᠦᠪᠦᠷᠢᠯᠡᠬᠦ ᠬᠡᠷᠡᠭᠲᠡᠢ᠃ ᠵᠤᠨ ᠤ ᠤᠯᠠᠷᠢᠯ ᠤᠨ ᠥᠨᠳᠥᠷ ᠬᠠᠯᠠᠭᠤᠨ ᠳᠤ ᠬᠤᠨᠢᠨ ᠤ ᠰᠦᠷᠦᠭ ᠤᠨ ᠭᠦᠢᠴᠡᠳ ᠴᠡᠪᠡᠷ ᠤᠰᠤ ᠤᠮᠳᠠ ᠲᠠᠢ ᠪᠠᠶᠢᠯᠭᠠᠬᠤ ᠶᠢᠨ ᠬᠠᠮᠲᠤ ᠬᠤᠨᠢ ᠪᠦᠷᠢ ᠳᠤ 5 - 9 ᠭᠷᠡᠮ ᠳᠠᠪᠤᠰᠤ ᠨᠥᠬᠦᠪᠦᠷᠢᠯᠡᠵᠦ᠂ ᠬᠤᠨᠢᠨ ᠤ ᠪᠡᠶ᠎ᠡ ᠶᠢᠨ ᠳᠣᠲᠣᠷᠠᠬᠢ ᠬᠦᠴᠢᠯ ᠱᠦᠯᠲᠦ ᠶᠢᠨ ᠲᠡᠩᠴᠡᠭᠦᠷᠢ ᠶᠢ ᠲᠣᠬᠢᠷᠠᠭᠤᠯᠬᠤ ᠬᠡᠷᠡᠭᠲᠡᠢ᠃ ᠬᠤᠶᠠᠷ ᠲᠤ ᠬᠤᠨᠢᠨ ᠰᠦᠷᠦᠭ ᠢᠶᠠᠨ ᠨᠠᠷᠢᠨ ᠨᠢᠮᠪᠠᠢ ᠬᠠᠷᠠᠵᠤ ᠬᠠᠮᠢᠶᠠᠷᠬᠤ ᠬᠡᠷᠡᠭᠲᠡᠢ᠃ ᠥᠷᠯᠥᠭᠡ ᠡᠷᠲᠡ᠂ ᠬᠠᠷᠢᠭᠤᠯᠵᠤ ᠪᠠᠶᠢᠬᠤ ᠦᠶ᠎ᠡ ᠳᠤ᠂ ᠰᠥᠨᠢ ᠳᠡᠭᠡᠨ ᠬᠤᠨᠢᠨ ᠤ ᠰᠦᠷᠦᠭ ᠤᠨ ᠬᠥᠳᠡᠯᠦᠯ ᠪᠠᠶᠢᠳᠠᠯ ᠢ ᠨᠠᠷᠢᠨ ᠠᠵᠢᠭᠯᠠᠵᠤ᠂ ︽ᠨᠢᠭᠡ ᠰᠣᠨᠣᠰᠴᠤ ᠭᠤᠷᠪᠠ ᠠᠵᠢᠭᠯᠠᠬᠤ︾ ᠳᠠᠷᠤᠢ ᠠᠮᠢᠰᠬᠤᠯ ᠢ ᠰᠣᠨᠣᠰᠬᠤ ᠳᠤ ᠴᠡᠷ ᠲᠠᠢ ᠬᠠᠨᠢᠶᠠᠵᠤ ᠪᠠᠶᠢᠬᠤ ᠡᠰᠡᠬᠦ᠂ ᠬᠤᠨᠢᠨ ᠤ ᠪᠡᠶ᠎ᠡ ᠶᠢᠨ ᠪᠠᠶᠢᠳᠠᠯ ᠬᠡᠪ ᠤᠨ ᠪᠠᠶᠢᠬᠤ ᠡᠰᠡᠬᠦ᠂ ᠪᠡᠶ᠎ᠡ ᠶᠢᠨ ᠭᠠᠳᠠᠨ᠎ᠠ ᠰᠢᠮᠡᠭᠦᠷ ᠬᠤᠷᠣᠬᠠᠢ ᠪᠠᠶᠢᠬᠤ ᠡᠰᠡᠬᠦ᠂ ᠬᠤᠨᠢᠨ ᠤ ᠢᠳᠡᠰᠢ ᠠᠪᠬᠤ ᠪᠠ ᠢᠯᠭᠠᠳᠠᠰᠤ ᠪᠠᠷ ᠬᠡᠪ ᠤᠨ ᠪᠤᠰᠤ ᠪᠠᠶᠢᠬᠤ ᠡᠰᠡᠬᠦ ᠶᠢ ᠠᠵᠢᠭᠯᠠᠵᠤ᠂ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠢ ᠳᠤᠨᠢ ᠡᠮᠨᠡᠭᠦᠯᠵᠦ᠂ ᠡᠷᠲᠡ ᠠᠴᠠ ᠮᠡᠳᠡᠵᠦ ᠡᠷᠲᠡ ᠠᠴᠠ ᠡᠮᠨᠡᠨ ᠵᠠᠰᠠᠬᠤ ᠬᠡᠷᠡᠭᠲᠡᠢ᠃ ᠭᠤᠷᠪᠠ ᠳᠤ ᠥᠨᠳᠥᠷ ᠭᠠᠵᠠᠷ ᠲᠤ ᠮᠠᠯ ᠬᠠᠷᠢᠭᠤᠯᠬᠤ ᠬᠡᠷᠡᠭᠲᠡᠢ᠃ ᠨᠠᠮ ᠳᠣᠣᠷ᠎ᠠ ᠴᠢᠭᠢᠭᠯᠢᠭ ᠭᠠᠵᠠᠷ ᠲᠤ ᠮᠠᠯ ᠬᠠᠷᠢᠭᠤᠯᠬᠤ ᠶᠢ ᠴᠡᠭᠡᠷᠯᠡᠵᠦ᠂ ᠭᠠᠵᠠᠷ ᠤᠨ ᠪᠠᠶᠢᠴᠠ ᠨᠢ ᠨᠡᠯᠢᠶᠡᠳ ᠥᠨᠳᠥᠷ᠂ ᠨᠥᠮᠥᠷᠢ  ᠲᠠᠢ᠂ ᠨᠠᠷᠠ ᠥᠭᠡᠳᠡ ᠬᠠᠨᠳᠤᠭᠰᠠᠨ᠂ ᠡᠪᠡᠰᠦᠨ ᠤ ᠤᠷᠭᠤᠯᠲᠠ ᠰᠠᠶᠢᠨ ᠭᠠᠵᠠᠷ ᠢ ᠰᠣᠩᠭᠤᠬᠤ ᠬᠡᠷᠡᠭᠲᠡᠢ᠃           ︽ᠴᠢᠩᠭᠠᠳᠬᠠᠯ ᠬᠤᠶᠠᠷ︾ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠢᠩᠭᠠᠳᠬᠠᠬᠤ ᠬᠡᠷᠡᠭᠲᠡᠢ᠃ ᠬᠤᠨᠢᠨ ᠤ ᠬᠠᠰᠢᠶ᠎ᠠ ᠰᠠᠷᠠᠪᠴᠢ ᠶᠢ ᠬᠠᠭᠤᠷᠠᠢ᠂ ᠠᠷᠢᠭᠤᠨ ᠴᠡᠪᠡᠷ᠂ ᠰᠠᠯᠬᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠬᠤᠨᠢᠨ ᠤ ᠰᠠᠷᠠᠪᠴᠢ᠂ ᠬᠥᠳᠡᠯᠭᠡᠭᠡᠨ ᠤ ᠲᠠᠯᠠᠪᠤᠷ ᠢ ᠡᠳᠦᠷ ᠪᠦᠷᠢ ᠨᠢᠭᠡ ᠤᠳᠠᠭ᠎ᠠ ᠴᠡᠪᠡᠷᠯᠡᠵᠦ᠂ ᠭᠠᠷᠠᠭ ᠪᠦᠷᠢ ᠨᠢᠭᠡ ᠤᠳᠠᠭ᠎ᠠ ᠠᠷᠢᠭᠤᠳᠬᠠᠬᠤ ᠬᠡᠷᠡᠭᠲᠡᠢ᠃ ᠠᠷᠢᠭᠤᠳᠬᠠᠭᠴᠢ ᠡᠮ ᠢ ᠡᠭᠡᠯᠵᠢᠯᠡᠨ ᠬᠡᠷᠡᠭᠯᠡᠬᠦ ᠬᠡᠷᠡᠭᠲᠡᠢ᠃           ︽ᠴᠢᠩᠭᠠᠳᠬᠠᠯ ᠭᠤᠷᠪᠠ︾ ᠬᠢᠵᠢᠭ ᠢ ᠰᠡᠷᠭᠡᠶᠢᠯᠡᠨ ᠬᠤᠷᠣᠬᠠᠢ ᠶᠢ ᠬᠥᠭᠡᠭᠡᠬᠦ ᠠᠵᠢᠯ ᠢ ᠴᠢᠩᠭᠠᠳᠬᠠᠬᠤ ᠬᠡᠷᠡᠭᠲᠡᠢ᠃ ᠬᠤᠨᠢ ᠢᠮᠠᠭᠠᠨ ᠤ ᠲᠠᠯᠠᠪᠤᠷ ᠭᠠᠵᠠᠷ ᠤᠨ ᠭᠠᠵᠠᠷ ᠣᠷᠣᠨ᠂ ᠣᠷᠴᠢᠨ ᠲᠣᠭᠤᠷᠢᠨ ᠵᠡᠷᠭᠡ ᠨᠥᠬᠦᠴᠡᠯ ᠢ ᠦᠨᠳᠦᠰᠦᠯᠡᠨ ᠡᠪᠡᠳᠴᠢᠨ ᠡᠮᠭᠡᠭ ᠢ ᠥᠯᠥ ᠬᠠᠯᠳᠠᠭᠠᠬᠤ᠂ ᠬᠤᠷᠣᠬᠠᠢ ᠶᠢ ᠰᠡᠷᠭᠡᠶᠢᠯᠡᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠰ ᠳᠠᠷᠠᠭᠠᠯᠠᠯ ᠢ ᠲᠣᠭᠲᠠᠭᠠᠵᠤ᠂ ᠲᠠᠰ ᠳᠠᠷᠠᠭᠠᠯᠠᠯ ᠢ ᠦᠨᠳᠦᠰᠦᠯᠡᠨ ᠬᠤᠨᠢ ᠢᠮᠠᠭᠠᠨ ᠤ ᠰᠢᠯᠦᠬᠡᠢ ᠡᠪᠡᠳᠴᠢᠨ᠂ ᠬᠤᠨᠢᠨ ᠤ ᠭᠤᠷᠪᠠ ᠶᠢ ᠬᠤᠯᠪᠣᠵᠤ ᠳᠥᠷᠪᠡ ᠶᠢ ᠰᠡᠷᠭᠡᠶᠢᠯᠡᠬᠦ᠂ ᠬᠤᠨᠢᠨ ᠤ ᠪᠤᠳᠤ᠂ ᠬᠤᠨᠢᠨ ᠤ ᠬᠠᠯᠳᠠᠪᠤᠷᠢᠲᠤ ᠴᠢᠨᠠᠷᠲᠠᠢ ᠴᠡᠭᠡᠵᠢᠨ ᠪᠦᠷᠬᠦᠪᠴᠢ ᠶᠢᠨ ᠠᠭᠤᠰᠬᠢᠨ ᠤ ᠦᠷᠪᠢᠰᠦᠯ ᠢ ᠰᠡᠷᠭᠡᠶᠢᠯᠡᠬᠦ ᠵᠡᠷᠭᠡ ᠸᠠᠺᠼᠢᠨ ᠤ ᠲᠠᠷᠢᠯᠭ᠎ᠠ ᠬᠢᠵᠦ᠂ ᠸᠠᠺᠼᠢᠨ ᠤ ᠲᠠᠷᠢᠯᠭ᠎ᠠ ᠶᠢ 7 - 15 ᠡᠳᠦᠷ ᠬᠢᠬᠦ ᠶᠢᠨ ᠬᠠᠮᠲᠤ ᠰᠠᠶᠢᠲᠤᠷ ᠳᠡᠩᠰᠡᠯᠡᠨ ᠲᠡᠮᠳᠡᠭᠯᠡᠵᠦ᠂ ᠴᠠᠭ ᠲᠤᠬᠠᠢ ᠳᠤᠨᠢ ᠨᠥᠬᠦᠬᠦ ᠬᠡᠷᠡᠭᠲᠡᠢ᠃ ᠬᠡᠷᠪᠡ ᠬᠢᠵᠢᠭ ᠡᠪᠡᠳᠴᠢᠨ ᠡᠭᠦᠰᠪᠡᠯ ᠴᠠᠭ ᠲᠤᠬᠠᠢ ᠳᠤᠨᠢ ᠲᠤᠰᠠᠭᠠᠷᠯᠠᠵᠤ ᠡᠮᠨᠡᠭᠦᠯᠬᠦ ᠬᠡᠷᠡᠭᠲᠡᠢ᠃  
 
ᠢᠷᠡᠯᠲᠡ᠄ ᠪᠠᠶᠠᠨ‍‍ᠨᠠᠭᠤᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号