ᠪᠠᠷᠠᠭᠤᠨ ᠦᠵᠦᠮᠦᠴᠢᠨ ᠬᠤᠰᠢᠭᠤ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠤᠨ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠪᠠ ᠲᠤᠷᠰᠢᠯᠭ᠎ᠠ ᠶᠢ ᠳ᠋ᠦᠩᠨᠡᠨ ᠡᠮᠬᠢᠯᠡᠵᠦ᠂ ᠳᠠᠷᠠᠭ᠎ᠠ ᠱᠠᠲᠤᠨ ᠤ ᠭᠤᠶᠤᠴᠢᠯᠠᠨ ᠮᠡᠳᠡᠭᠦᠯᠬᠦ ᠠᠵᠢᠯ ᠤᠨ ᠰᠠᠭᠤᠷᠢ ᠶᠢ ᠪᠠᠲᠤᠳᠬᠠᠪᠠ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠢᠦᠢ ᠪᠦᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠳᠤ ᠣᠷᠣᠯᠴᠠᠭᠰᠠᠳ ᠤᠷᠢᠳ ᠬᠤᠵᠢᠳ ᠪᠠᠶᠠᠨᠬᠤᠸᠠ ᠭᠠᠯ ᠤᠨᠲᠠᠷᠠᠭᠠᠬᠤ ᠦᠷᠳᠡᠭᠡ᠂ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠮᠠᠰᠢᠨ ᠤ ᠲᠤᠰᠬᠠᠢ ᠵᠣᠭᠰᠣᠭᠠᠯ ᠪᠣᠯᠣᠨ ᠶᠢᠨ ᠲᠢᠶᠠᠨ ᠹᠯᠣᠷ ᠤᠨ ᠠᠵᠤ ᠦᠢᠯᠡᠳᠪᠦᠷᠢ ᠶᠢᠨ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢ ᠲᠣᠭᠤᠷᠢᠨ ᠦᠵᠡᠵᠦ᠂ ᠠᠬᠤᠢ ᠲᠠᠯᠠᠪᠤᠷ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠬᠤᠶᠢᠰᠢᠳᠠ ᠵᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠵᠡᠷᠭᠡ ᠶᠢ ᠨᠠᠷᠢᠨ ᠣᠶᠢᠯᠠᠭᠠᠪᠠ᠃     ᠶᠠᠷᠢᠯᠴᠠᠬᠤ ᠬᠤᠷᠠᠯ ᠳᠤ᠂ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ᠂ ᠬᠦᠷᠢᠶᠡᠯᠡᠩ ᠲᠣᠭᠤᠷᠢᠭ ᠢ ᠥᠷᠭᠡᠳᠬᠡᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠮᠠᠭᠠᠳᠯᠠᠨ ᠲᠣᠭᠲᠠᠭᠠᠬᠤ ᠠᠵᠢᠯ ᠤᠨ ᠲᠠᠯ᠎ᠠ ᠪᠠᠷ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ ᠵᠢᠭᠠᠭᠰᠠᠨ ᠨᠢ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠨᠢ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠨᠡᠭᠡᠭᠡᠯᠲᠡ ᠶᠢᠨ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠮᠥᠨ ᠴᠢᠨᠠᠷ ᠤᠨ ᠠᠮᠤᠷ ᠲᠦᠪᠰᠢᠨ ᠪᠣᠯᠣᠨ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠳᠠᠲᠤ ᠠᠴᠢ ᠬᠤᠯᠪᠣᠭᠳᠠᠯ ᠲᠠᠢ ᠶᠤᠮ᠃ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠤᠨ ᠴᠢᠬᠤᠯᠠ ᠴᠢᠨᠠᠷ ᠪᠣᠯᠣᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠰᠠᠭᠤᠳᠠᠯ ᠪᠣᠯᠣᠨ ᠳᠤᠲᠠᠭᠳᠠᠯ ᠲᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠠᠵᠢᠯ  ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠬᠤᠰᠢᠭᠤ ᠱᠠᠲᠤᠨ ᠤ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠢᠳᠡᠪᠬᠢ ᠬᠦᠴᠦᠨ ᠵᠦᠢᠯ ᠢ ᠭᠦᠢᠴᠡᠳ ᠠᠰᠢᠭᠯᠠᠵᠤ᠂ ᠲᠤᠰᠬᠠᠢ ᠮᠡᠷᠭᠡᠵᠢᠯ ᠤᠨ ᠲᠠᠯ᠎ᠠ ᠠᠴᠠ ᠢᠯᠡᠭᠦᠬᠡᠨ ᠰᠠᠨᠠᠯ ᠰᠠᠨᠠᠭᠤᠯᠭ᠎ᠠ ᠳᠤᠷᠠᠳᠴᠤ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠢ ᠭᠤᠶᠤᠴᠢᠯᠠᠨ ᠮᠡᠳᠡᠭᠦᠯᠬᠦ᠂ ᠬᠦᠷᠢᠶᠡᠯᠡᠩ ᠲᠣᠭᠤᠷᠢᠭ ᠢ ᠥᠷᠭᠡᠳᠬᠡᠬᠦ ᠵᠡᠷᠭᠡ ᠬᠠᠮᠢᠶ᠎ᠠ ᠪᠦᠬᠦᠢ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ   ᠢ ᠴᠢᠩᠭ᠎ᠠ ᠠᠳᠬᠤᠬᠤ ᠬᠡᠷᠡᠭᠲᠡᠢ᠃ ᠣᠳᠣᠬᠠᠨ ᠳᠤ ᠬᠠᠷᠠᠬᠠᠨ ᠪᠡᠶᠡᠯᠡᠭᠦᠯᠦᠭᠡᠳᠦᠢ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠭᠡᠷ ᠪᠠᠶᠢᠰᠢᠩ ᠲᠠᠲᠠᠪᠤᠷᠢᠯᠠᠬᠤ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ 3 ᠲᠠᠯ᠎ᠠ ᠶᠢᠨ 5 ᠵᠦᠢᠯ ᠤᠨ ᠡᠭᠦᠷᠭᠡ ᠲᠠᠢ ᠬᠠᠷᠢᠴᠠᠭᠤᠯᠤᠨ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠭᠦᠢᠴᠡᠳᠬᠡᠬᠦ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠵᠤ᠂ 8 ᠰᠠᠷ᠎ᠠ ᠶᠢᠨ ᠰᠡᠭᠦᠯᠴᠢ ᠪᠣᠯᠲᠠᠯ᠎ᠠ ᠮᠡᠳᠡᠭᠦᠯᠬᠦ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠳᠬᠡᠵᠦ᠂ ᠶᠢᠨ ᠲᠢᠶᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠨᠢ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠵᠢᠷᠤᠭ ᠢ ᠲᠦᠷᠭᠡᠨ ᠲᠣᠭᠲᠠᠭᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠤᠷᠢᠳᠴᠢᠯᠠᠨ ᠦᠢᠯᠡᠴᠢᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠡᠷᠭᠡ ᠲᠠᠯ᠎ᠠ ᠪᠠᠷ  ᠳᠡᠮᠵᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠦᠴᠦᠲᠡᠢ ᠠᠷᠭ᠎ᠠ ᠬᠡᠮᠵᠢᠶ᠎ᠡ  ᠪᠠᠷ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠬᠦ ᠨᠥᠬᠦᠴᠡᠯ ᠢ ᠡᠷᠲᠡᠬᠡᠨ  ᠪᠦᠷᠢᠯᠳᠦᠭᠦᠯᠬᠦ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号