ᠰᠢᠯᠢ ᠶᠢᠨ ᠭᠤᠣᠯ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠬᠡᠮᠵᠢᠶ᠎ᠡ 1000 ᠲᠦᠮᠡᠨ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/6/18
     ︽ᠡᠨᠡ ᠵᠢᠯ ᠤᠨ 3 ᠰᠠᠷ᠎ᠠ ᠳᠤ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ ᠪᠣᠯᠤᠭᠰᠠᠨ  ᠠᠴᠠ ᠨᠠᠭᠠᠰᠢ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠬᠡᠮᠵᠢᠶ᠎ᠡ 2 ᠲᠦᠮᠡᠨ ᠲᠥᠭᠦᠷᠢᠭ ᠣᠷᠴᠢᠮ ᠪᠣᠯᠵᠤ᠂ ᠪᠦᠬᠦ ᠣᠷᠣᠯᠭ᠎ᠠ ᠶᠢᠨ 20% ᠳᠤ ᠬᠦᠷᠴᠡᠢ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ  ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠡᠷᠬᠡ ᠣᠯᠣᠭᠰᠠᠨ ᠠᠵᠠ ᠲᠤᠬᠢᠶᠠᠯ ᠢ ᠰᠠᠶᠢᠲᠤᠷ ᠠᠰᠢᠭᠯᠠᠵᠤ᠂ ᠨᠡᠩ ᠣᠯᠠᠨ ᠴᠠᠭᠠᠨ ᠢᠳᠡᠭᠡᠨ ᠤ ᠪᠦᠲᠦᠭᠡᠭᠳᠡᠬᠦᠨ ᠢᠶᠠᠨ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠶᠢ ᠬᠦᠰᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠰᠦ ᠲᠠᠢ ᠢᠳᠡᠭᠡᠨ ᠤ ᠬᠢᠵᠠᠭᠠᠷᠲᠠᠢ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠡᠷᠬᠢᠮᠪᠠᠶᠠᠷ ᠲᠠᠨᠢᠯᠴᠠᠭᠤᠯᠤᠨ᠎ᠠ᠃            ᠰᠤᠷᠪᠤᠯᠵᠢᠯᠠᠭᠴᠢ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ 3 ᠰᠠᠷ᠎ᠠ ᠠᠴᠠ ᠨᠠᠭᠠᠰᠢ᠂ ᠪᠥᠬᠦ ᠠᠶᠢᠮᠠᠭ ᠤᠨ ᠡᠷᠬᠡ ᠣᠯᠭᠤᠭᠰᠠᠨ 10 ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠥᠪᠡᠷ ᠤᠨ ᠰᠦᠯᠵᠢᠶᠡᠨ ᠳᠡᠯᠭᠡᠭᠦᠷ ᠢᠶᠠᠨ ᠨᠡᠭᠡᠭᠡᠵᠦ᠂ ᠳᠤᠮᠳᠠᠴᠢ ᠪᠠᠷ ᠰᠦᠯᠵᠢᠶᠡᠨ ᠳᠡᠯᠭᠡᠭᠦᠷ ᠨᠢᠭᠡᠪᠦᠷᠢ ᠶᠢᠨ ᠡᠳᠦᠷ ᠤᠨ ᠡᠵᠡᠩᠨᠡᠯᠲᠡ ᠶᠢᠨ ᠬᠡᠮᠵᠢᠶ᠎ᠡ ᠪᠠᠷᠤᠭ 500 ᠲᠥᠭᠦᠷᠢᠭ ᠲᠤ ᠬᠦᠷᠴᠡᠢ᠃ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠬᠤ ᠠᠵᠢᠯ ᠢ 2022 ᠣᠨ ᠤ 12 ᠰᠠᠷ᠎ᠠ ᠳᠤ ᠡᠬᠢᠯᠡᠭᠦᠯᠵᠦ᠂ ᠣᠳᠣᠬᠠᠨ ᠪᠣᠯᠲᠠᠯ᠎ᠠ ᠨᠡᠶᠢᠲᠡ 69 ᠴᠠᠭᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠳᠤ ᠡᠷᠬᠡ ᠣᠯᠭᠤᠵᠤ᠂ ᠡᠭᠦᠨ ᠳᠤ ᠵᠢᠵᠢᠭ ᠦᠢᠯᠡᠳᠬᠡᠯ ᠤᠨ ᠭᠠᠵᠠᠷ 49᠂ ᠠᠵᠤ ᠠᠬᠤᠶᠢᠯᠠᠯ 20 ᠪᠣᠶ᠃ 2023 ᠣᠨ ᠤ 7 ᠰᠠᠷ᠎ᠠ ᠠᠴᠠ ᠨᠠᠭᠠᠰᠢ᠂ ᠡᠷᠬᠡ ᠣᠯᠭᠤᠭᠰᠠᠨ ᠴᠠᠭᠠᠨ ᠢᠳᠡᠭᠡᠨ ᠤ ᠠᠵᠤ ᠠᠬᠤᠶᠢᠯᠠᠯ ᠤᠨ ᠬᠢᠨ ᠰᠦᠯᠵᠢᠶᠡᠨ ᠳᠡᠭᠡᠷ᠎ᠡ ᠴᠠᠭᠠᠨ ᠢᠳᠡᠭᠡᠨ ᠤ ᠪᠦᠲᠦᠭᠡᠭᠳᠡᠬᠦᠨ ᠪᠣᠷᠣᠯᠠᠭᠤᠯᠵᠤ᠂ ᠪᠣᠷᠤᠯᠠᠭᠤᠯᠭ᠎ᠠ ᠶᠢᠨ ᠬᠡᠮᠵᠢᠶ᠎ᠡ 1000 ᠲᠦᠮᠡᠨ ᠲᠥᠭᠦᠷᠢᠭ ᠢ ᠳᠠᠪᠠᠵᠠᠢ᠃            ᠰᠢᠯᠢ ᠶᠢᠨ ᠭᠤᠣᠯ ᠴᠠᠭᠠᠨ ᠢᠳᠡᠭᠡᠨ ᠤ ᠪᠣᠷᠤᠯᠠᠭᠤᠯᠭ᠎ᠠ ᠶᠢᠨ ᠠᠷᠭ᠎ᠠ ᠵᠠᠮ  ᠥᠷᠭᠡᠵᠢᠭᠰᠡᠨ ᠨᠢ ᠠᠷᠠᠳ ᠲᠤ ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠣᠳᠣᠯᠭ᠎ᠠ ᠲᠠᠢ ᠨᠢᠭᠲᠠ ᠬᠤᠯᠪᠤᠭ᠎ᠠ ᠲᠠᠢ ᠶᠤᠮ᠃ 3 ᠰᠠᠷ᠎ᠠ ᠶᠢᠨ 1 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠬᠤᠭᠤᠯᠠ ᠤᠮᠳᠠᠭᠠᠨ ᠤ ᠭᠠᠵᠠᠷ ᠬᠤᠯᠢᠮᠠᠭ ᠢᠳᠡᠭᠡᠨ ᠤ ᠭᠠᠵᠠᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠳᠤ ᠵᠢᠩᠬᠢᠨᠢ ᠪᠠᠷ ᠵᠠᠰᠠᠪᠤᠷᠢ ᠣᠷᠣᠭᠤᠯᠤᠨ ᠬᠡᠷᠡᠭᠵᠢᠭᠦᠯᠪᠡ᠂ ᠲᠣᠰ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠪᠥᠬᠦ ᠠᠶᠢᠮᠠᠭ ᠤᠨ ᠴᠠᠭᠠᠨ ᠢᠳᠡᠭᠡᠨ ᠤ ᠡᠷᠬᠡ ᠣᠯᠭᠤᠭᠰᠠᠨ ᠵᠢᠵᠢᠭ ᠦᠢᠯᠡᠳᠬᠡᠯ ᠤᠨ ᠭᠠᠵᠠᠷ ᠨᠢ ᠰᠦᠯᠵᠢᠶᠡᠨ ᠳᠡᠭᠡᠷ᠎ᠡ ᠴᠠᠭᠠᠨ ᠢᠳᠡᠭᠡᠨ ᠤ ᠪᠦᠲᠦᠭᠡᠭᠳᠡᠬᠦᠨ ᠪᠣᠷᠣᠯᠠᠭᠤᠯᠬᠤ ᠳᠤ ᠵᠠᠷᠢᠮ ᠨᠥᠬᠦᠴᠡᠯ ᠤᠨ ᠬᠢᠵᠠᠭᠠᠷᠯᠠᠯ ᠢ ᠬᠦᠯᠢᠶᠡᠬᠦ ᠦᠭᠡᠢ ᠪᠣᠯᠤᠭᠰᠠᠨ ᠪᠥᠭᠡᠳ ᠲᠦᠷᠭᠡᠨ ᠬᠥᠭᠵᠢᠬᠦ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠲᠠᠢ ᠪᠣᠯᠵᠠᠢ᠃ ᠲᠣᠰ ᠳᠦᠷᠢᠮ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠠᠶᠢᠮᠠᠭ ᠴᠠᠭ ᠲᠤᠬᠠᠢ ᠳᠤᠨᠢ ᠵᠢᠩ ᠳ᠋ᠦᠩ᠂ ᠪᠤᠰᠢᠭᠤ ᠭᠠᠷ᠂ ᠴᠤᠤᠷᠢᠶ᠎ᠠ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠵᠣᠯᠭᠠᠭᠤᠯᠵᠤ᠂ ᠰᠢᠯᠢ ᠶᠢᠨ ᠭᠤᠣᠯ ᠴᠠᠭᠠᠨ ᠢᠳᠡᠭᠡᠨ ᠤ ᠡᠷᠬᠡ ᠣᠯᠭᠤᠭᠰᠠᠨ ᠵᠢᠵᠢᠭ ᠦᠢᠯᠡᠳᠬᠡᠯ ᠤᠨ ᠭᠠᠵᠠᠷ ᠤᠨ ᠰᠦᠯᠵᠢᠶᠡᠨ ᠳᠡᠯᠭᠡᠭᠦᠷ ᠨᠡᠭᠡᠭᠡᠬᠦ ᠠᠷᠭ᠎ᠠ ᠵᠠᠮ ᠢ ᠨᠡᠪᠲᠡᠷᠡᠭᠦᠯᠵᠡᠢ᠃ ᠡᠭᠦᠨ ᠤ ᠵᠡᠷᠭᠡ ᠳᠤ᠂ ᠮᠠᠨ ᠤ ᠠᠶᠢᠮᠠᠭ ᠰᠦᠯᠵᠢᠶᠡᠨ ᠳᠡᠯᠭᠡᠭᠦᠷ ᠨᠡᠭᠡᠭᠡᠬᠦ ᠬᠦᠰᠡᠯ ᠲᠠᠢ ᠵᠢᠵᠢᠭ ᠦᠢᠯᠡᠳᠬᠡᠯ ᠤᠨ ᠭᠠᠵᠠᠷ ᠲᠤ ᠨᠠᠷᠢᠯᠢᠭ ᠤᠨᠤᠪᠴᠢᠲᠠᠢ ᠵᠢᠯᠣᠭᠤᠳᠤᠯᠭ᠎ᠠ ᠬᠠᠩᠭᠠᠬᠤ ᠶᠢᠨ ᠬᠠᠮᠲᠤ ᠵᠢᠯ ᠤᠨ ᠳᠣᠲᠣᠷ᠎ᠠ ᠪᠣᠶ ᠪᠦᠬᠦᠢ ᠡᠷᠬᠡ ᠣᠯᠭᠤᠭᠰᠠᠨ ᠵᠢᠵᠢᠭ ᠦᠢᠯᠡᠳᠬᠡᠯ ᠤᠨ ᠭᠠᠵᠠᠷ ᠢ ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠰᠦᠯᠵᠢᠶᠡᠨ ᠳᠡᠯᠭᠡᠭᠦᠷ ᠨᠡᠭᠡᠭᠡᠵᠦ᠂ ᠲᠠᠷᠠᠭᠠᠴᠢ ᠪᠠᠷ ᠪᠠᠰᠠ ᠪᠣᠯᠪᠠᠰᠤᠷᠠᠯ ᠵᠣᠬᠢᠶᠠᠨ ᠪᠠᠶᠢᠭᠤᠯᠬᠤ᠂ ᠲᠠᠪᠴᠠᠩ ᠢ ᠵᠣᠯᠭᠠᠭᠤᠯᠬᠤ᠂ ᠲᠥᠷᠥᠯ ᠵᠦᠢᠯ ᠢᠶᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠵᠢᠵᠢᠭ ᠦᠢᠯᠡᠳᠬᠡᠯ ᠤᠨ ᠭᠠᠵᠠᠷ ᠢ ᠬᠠᠪᠰᠤᠷᠤᠨ ᠰᠦᠯᠵᠢᠶᠡᠨ  ᠳᠡᠯᠭᠡᠭᠦᠷ ᠤᠨ ᠡᠵᠡᠩᠨᠡᠯᠲᠡ ᠶᠢᠨ ᠴᠢᠳᠠᠪᠤᠷᠢ ᠶᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃            ᠰᠢᠯᠢ ᠶᠢᠨ ᠭᠤᠣᠯ ᠴᠠᠭᠠᠨ ᠢᠳᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠡᠷᠬᠡ ᠣᠯᠭᠤᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ ᠮᠠᠨ ᠤ ᠠᠶᠢᠮᠠᠭ ᠡᠯᠧᠺᠲᠷᠣᠨ ᠬᠤᠳᠠᠯᠳᠤᠭ᠎ᠠ ᠪᠠᠷ ᠪᠠᠷᠠᠭ᠎ᠠ ᠪᠣᠷᠣᠯᠠᠭᠤᠯᠬᠤ ᠤᠯᠠᠷᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠭᠤᠳ ᠨᠡᠪᠲᠡᠷᠡᠭᠦᠯᠭᠡ ᠶᠢᠨ ᠤᠷᠤᠯᠳᠤᠭᠠᠨ ᠤ ᠠᠷᠭ᠎ᠠ ᠮᠠᠶ᠋ᠢᠭ ᠢᠶᠠᠷ ᠵᠢᠵᠢᠭ ᠦᠢᠯᠡᠳᠬᠡᠯ ᠤᠨ ᠭᠠᠵᠠᠷ ᠤᠨ ᠰᠢᠭᠤᠳ ᠨᠡᠪᠲᠡᠷᠡᠭᠦᠯᠭᠡ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢᠶᠠᠷ ᠡᠵᠡᠩᠨᠡᠯᠲᠡ ᠶᠢᠨ ᠭᠤᠣᠯ ᠴᠣᠭᠴᠠ ᠪᠣᠯᠭᠠᠵᠤ᠂ ᠵᠢᠩ ᠳ᠋ᠦᠩ᠂ ᠴᠤᠤᠷᠢᠶ᠎ᠠ ᠵᠡᠷᠭᠡ ᠲᠠᠪᠴᠠᠩ ᠳᠤ ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠰᠦᠯᠵᠢᠶᠡᠨ ᠳᠡᠭᠡᠷᠡᠬᠢ ᠠᠯᠪᠠᠨ ᠤ ᠳᠡᠯᠭᠡᠭᠦᠷ ᠢ ᠨᠡᠭᠡᠭᠡᠵᠦ᠂ ᠵᠢᠵᠢᠭ ᠦᠢᠯᠡᠳᠬᠡᠯ ᠤᠨ ᠭᠠᠵᠠᠷ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ᠤᠷᠢᠳ ᠬᠤᠵᠢᠳ ᠡᠷᠬᠡ ᠣᠯᠭᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠵᠤ ᠪᠡᠭᠡᠵᠢᠩ᠂ ᠬᠠᠩᠵᠧᠦ ᠵᠡᠷᠭᠡ  ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠶᠢᠨ ᠬᠤᠰᠢᠭᠤᠴᠢ ᠭᠠᠵᠠᠷ ᠣᠷᠣᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂  ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠵᠠᠭᠪᠤᠷ ᠢ ᠰᠤᠷᠤᠯᠴᠠᠠ᠂ ᠰᠦᠯᠵᠢᠶᠡᠨ ᠳᠡᠭᠡᠷᠡᠬᠢ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠪᠡ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号