ᠮᠠᠨ ᠤ ᠠᠶᠢᠮᠠᠭ 112 ᠭᠠᠴᠠᠭ᠎ᠠ ᠲᠣᠰᠬᠤᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠪᠠᠶᠢᠭᠤᠯᠪᠠ
ᠨᠡᠶᠢᠲᠡᠯᠡᠭᠰᠡᠨ ᠴᠠᠭ᠄
2024/6/18
     ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠠᠴᠠᠭ᠎ᠠ ᠲᠣᠰᠬᠤᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠪᠠᠶᠢᠭᠤᠯᠬᠤ ᠶᠢ ᠣᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠡᠵᠢᠯ ᠢ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠤᠨ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠣᠨ ᠦᠢᠯᠡᠳᠦᠯ ᠢ ᠤᠯᠠᠮ ᠰᠠᠶᠢᠲᠤᠷ ᠪᠠᠳᠠᠷᠠᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠨᠡᠩ ᠨᠠᠷᠢᠯᠢᠭ ᠦᠢᠯᠡᠴᠢᠯᠡᠭᠡ ᠬᠠᠩᠭᠠᠪᠠ᠃ 3 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠠᠶᠢᠮᠠᠭ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ 112 ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃            ︽ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠭᠤᠣᠯᠳᠠᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ᠂ ᠤᠳᠠᠭᠠᠨ ᠴᠢᠨᠠᠷᠲᠠᠢ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠢ ᠰᠢᠭᠤᠳ ᠲᠠᠰᠤᠯᠤᠨ ᠪᠣᠳᠣᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠡᠮ ᠡᠮᠨᠡᠯᠭᠡ ᠶᠢᠨ ᠳᠠᠭᠠᠳᠬᠠᠯ ᠤᠨ ᠡᠯᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ᠂ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠢ ᠳᠠᠩᠰᠠᠯᠠᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠢᠴᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠥᠨᠳᠥᠷ ᠳᠠᠪᠲᠠᠮᠵᠢᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠢᠶᠠᠨ ᠦᠵᠡᠭᠦᠯᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠬᠡᠬᠦ ᠳᠤ ᠲᠦᠭᠦᠮ ᠦᠵᠡᠭᠦᠯᠪᠡ︾ ᠭᠡᠵᠦ ᠲᠤᠯᠤᠨ ᠨᠤᠤᠷ ᠪᠠᠯᠭᠠᠰᠤᠨ ᠤ ᠪᠧᠢ ᠼᠦᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠱᠠᠩ ᠶᠠ ᠵᠢᠶᠦ᠋ᠨ ᠲᠠᠨᠢᠯᠴᠠᠭᠤᠯᠪᠠ᠃            ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠤᠯᠠᠮ ᠥᠷᠭᠡᠳᠬᠡᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ ᠭᠦᠢᠴᠡᠳᠬᠡᠬᠦ ᠪᠠ ᠲᠥᠷᠥ ᠶᠢᠨ ᠪᠣᠳᠣᠯᠭ᠎ᠠ ᠶᠢᠨ ᠯᠠᠪᠯᠠᠯᠳᠠ ᠬᠢᠬᠦ ᠶᠢ ᠪᠡᠶᠡᠯᠡᠭᠦᠯᠪᠡ᠃ ᠣᠶᠢᠷ᠎ᠠ ᠬᠠᠪᠢ ᠳᠤᠨᠢ ᠭᠦᠢᠴᠡᠳᠬᠡᠬᠦ᠂ ᠬᠠᠪᠰᠤᠷᠤᠨ ᠣᠷᠣᠯᠠᠨ ᠭᠦᠢᠴᠡᠳᠬᠡᠬᠦ᠂ ᠭᠡᠷ ᠲᠤ ᠨᠢ ᠬᠦᠷᠴᠦ ᠭᠦᠢᠴᠡᠳᠬᠡᠬᠦ᠂ ᠤᠲᠠᠰᠤ ᠪᠠᠷ ᠭᠦᠢᠴᠡᠳᠬᠡᠬᠦ ᠵᠠᠭᠪᠤᠷ ᠢᠶᠠᠷ ᠳᠠᠮᠵᠢᠭᠤᠯᠤᠨ᠂ ᠨᠠᠰᠤᠲᠠᠶᠢᠴᠤᠳ᠂ ᠵᠡᠮᠳᠡᠭᠴᠦᠳ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠮᠠᠯᠴᠢᠨ ᠲᠠᠷᠢᠶᠠᠴᠢᠨ ᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃           ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠣᠯᠠᠨ ᠲᠦᠮᠡᠨ ᠤ ᠳᠤᠮᠳᠠ ᠬᠠᠮᠤᠭ ᠤᠨ ᠭᠦᠨᠵᠡᠭᠡᠶᠢᠷᠡᠭᠰᠡᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠡᠳᠦᠷ ᠲᠤᠳᠤᠮ ᠤᠨ ᠡᠪᠡᠳᠴᠢᠨ ᠦᠵᠡᠬᠦ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠰᠠᠶᠢᠲᠤᠷ ᠡᠷᠭᠢᠯᠡᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠬᠦ ᠵᠡᠷᠭᠡ ᠤᠬᠠᠭᠤᠯᠭ᠎ᠠ ᠶᠢᠨ ᠦᠢᠯᠡᠴᠢᠯᠡᠭᠡ ᠬᠠᠩᠭᠠᠵᠤ  ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠣᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠲᠤᠶᠢᠯᠪᠤᠷᠢᠲᠠᠢ ᠥᠷᠨᠢᠭᠦᠯᠬᠦ ᠶᠢ ᠦᠨᠡᠨ ᠬᠦ ᠪᠡᠶᠡᠯᠡᠭᠦᠯᠪᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号