ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ
ᠨᠡᠶᠢᠲᠡᠯᠡᠭᠰᠡᠨ ᠴᠠᠭ᠄
2024/6/18
  2 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ  ᡁᠢ ᠴᠢᠶᠠᠩ ᠶᠠᠷᠢᠶ᠎ᠠ ᠲᠠᠯᠪᠢᠪᠠ᠃  ᠬᠤᠸᠠᠩ ᡁᠢ ᠴᠢᠶᠠᠩ ᠬᠡᠯᠡᠬᠦ ᠳᠤ ᠪᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠣᠶᠢᠷ᠎ᠠ ᠶᠢᠨ ᠬᠡᠳᠦᠨ ᠵᠢᠯ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠨᠤᠭᠤᠳ ᠣᠭᠵᠣᠮ ᠨᠡᠮᠡᠭᠳᠡᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠡᠭᠡ ᠪᠥᠭᠡᠳ ᠥᠷᠭᠡᠨ ᠪᠣᠯᠵᠠᠢ᠂ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠢ ᠰᠠᠶᠢᠨ ᠬᠢᠭᠰᠡᠨ ᠡᠰᠡᠬᠦ ᠨᠢ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠯᠵᠤ ᠠᠯᠳᠠᠬᠤ ᠲᠠᠢ ᠰᠢᠭᠤᠳ ᠬᠤᠯᠪᠣᠭᠳᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠢ ᠡᠵᠡᠮᠳᠡᠬᠦ ᠬᠠᠷᠢᠭᠤᠴᠠᠯᠭ᠎ᠠ ᠶᠢ ᠭᠤᠭᠴᠤᠭ᠎ᠠ ᠨᠢᠭᠡ ᠪᠦᠷᠢ ᠳᠤ ᠬᠦᠷᠲᠡᠯ᠎ᠡ ᠪᠣᠳᠠᠲᠠᠶᠢᠵᠢᠭᠤᠯᠵᠤ᠂ ᠴᠡᠭ ᠨᠢᠭᠡ ᠪᠦᠷᠢ ᠶᠢ ᠨᠢᠭᠲᠠ ᠠᠩᠬᠠᠷᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠶᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠣᠯᠭᠠᠨ᠂ ᠡᠵᠡᠩᠨᠡᠯᠲᠡ ᠶᠢᠨ ᠭᠤᠣᠯ ᠴᠣᠭᠴᠠ ᠨᠤᠭᠤᠳ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶ᠎ᠡ ᠶᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠰᠠᠶᠢᠲᠤᠷ ᠪᠣᠶ ᠪᠣᠯᠭᠠᠬᠤ ᠬᠡᠷᠡᠭᠲᠡᠢ ᠭᠡᠪᠡ᠃  ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠤᠯᠠᠭᠠᠨᠬᠠᠳᠠ ᠬᠤᠳᠠ᠂ ᠣᠷᠳᠣᠰ ᠬᠤᠳᠠ ᠬᠤᠷᠠᠯ ᠳᠡᠭᠡᠷ᠎ᠡ ᠭᠤᠣᠯᠳᠠᠯᠭ᠎ᠠ ᠲᠠᠢ ᠶᠠᠷᠢᠶ᠎ᠠ ᠲᠠᠯᠪᠢᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号