ᠤᠯᠠᠨ ᠰᠢᠯᠢᠳᠡᠭ ᠲᠠᠮᠢᠷᠴᠢᠨ ᠲᠠᠢ ︽ᠠᠪᠤᠷᠭᠤ ᠶᠢᠨ ᠥᠯᠥᠭᠡᠢ︾ ᠪᠥᠬᠡ ᠶᠢᠨ ᠥᠷᠥᠭᠡ
ᠨᠡᠶᠢᠲᠡᠯᠡᠭᠰᠡᠨ ᠴᠠᠭ᠄
2024/6/19
     ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠶᠢᠨ ᠦᠯᠤᠬᠡᠢ︾ ᠪᠦᠬᠡ ᠶᠢᠨ  ᠥᠷᠥᠭᠡ ᠨᠢ ᠤᠯᠤᠰ᠂ ᠦᠪᠡᠷᠳᠠᠬᠡᠨ ᠵᠠᠰᠠᠬᠤ ᠤᠷᠤᠨ ᠤ ᠲᠠᠰ ᠤᠨ ᠰᠢᠯᠢᠳᠡᠭ ᠲᠠᠮᠢᠷᠴᠢᠳ ᠢ ᠤᠯᠠᠨ ᠬᠦᠮᠦᠵᠢᠬᠦᠯᠵᠦ᠂ ᠦᠵᠦᠮᠦᠴᠢᠨ ᠨᠤᠳᠤᠭ ᠤᠨ  ᠦᠪ ᠰᠣᠶᠤᠯ ᠤᠨ ᠨᠢᠭᠡ ᠪᠤᠯᠤᠭᠰᠠᠨ ᠪᠦᠬᠡ ᠶᠢᠨ ᠤᠯᠠᠮᠵᠢᠯᠠᠯ ᠢᠶᠠᠨ ᠤᠯᠤᠰ ᠲᠠᠶᠠᠭᠠᠷ᠂ ᠲᠠᠷᠡᠴᠢᠯᠠᠨ ᠲᠠᠯᠠᠬᠡᠢ ᠶᠢᠨ ᠲᠠᠶᠢᠰᠠᠨ᠎ᠠ ᠮᠠᠳᠠᠷᠡᠬᠦᠯᠵᠦ ᠶᠠᠪᠤᠨ᠎ᠠ  ᠃     2005 ᠣᠨ ᠳᠤ ᠪᠠᠷᠠᠭᠤᠨ ᠦᠵᠦᠮᠦᠴᠢᠨ ᠬᠤᠰᠢᠭᠤ ᠨᠢ ᠭᠠᠵᠠᠷ ᠣᠷᠣᠨ ᠤ ᠦᠨᠳᠦᠰᠦᠲᠡᠨ ᠤ ᠰᠣᠶᠣᠯ  ᠢᠷᠬᠡᠨᠰᠢᠯ ᠢᠶᠠᠷ ᠠᠴᠢᠶᠠᠯᠠᠪᠤᠷᠢ ᠪᠤᠯᠭᠠᠨ᠂ ᠶᠡᠭᠡ ᠳᠡᠭᠡᠳᠦ ᠰᠤᠷᠭᠠᠭᠤᠯᠢ ᠳᠤ ᠪᠥᠬᠡ ᠶᠢᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠪᠡᠶ᠎ᠡ ᠲᠠᠮᠢᠷ ᠤᠨ ᠴᠢᠳᠠᠪᠤᠷᠢᠲᠠᠨ ᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ  ᠲᠠᠮᠢᠷ ᠤᠨ ᠲᠤᠰᠬᠠᠢ ᠮᠡᠷᠭᠡᠵᠢᠯ ᠤᠨ ᠠᠩᠭᠢ ᠳᠤ ᠰᠢᠯᠢᠳᠡᠭ ᠲᠠᠮᠢᠷᠴᠢᠨ ᠢ ᠬᠠᠩᠭᠠᠬᠤ ᠵᠤᠷᠢᠯᠭ᠎ᠠ ᠪᠠᠷ ᠲᠤᠰ ᠰᠤᠷᠭᠠᠭᠤᠯᠢ ᠶᠢᠨ ᠬᠦᠷᠢᠶᠡᠨ ᠤ ᠪᠥᠬᠡ ᠶᠢᠨ ᠺᠯᠦ᠋ᠪ ︽ᠠᠪᠤᠷᠭᠤ  ᠎ ᠶᠢᠨ ᠥᠯᠥᠭᠡᠢ︾ ᠪᠥᠬᠡ ᠶᠢᠨ ᠦᠷᠤᠬᠡ ᠶᠢ ᠡᠬᠦᠰᠬᠡᠨ ᠪᠠᠶᠢᠭᠤᠯᠤᠭᠰᠠᠨ ᠪᠠᠶᠢᠨ᠎ᠠ᠃
          ᠤᠷᠡᠨᠵᠢᠬᠦᠷ ᠪᠣᠯ ︽ᠠᠪᠤᠷᠭᠤ ᠶᠢᠨ ᠥᠯᠥᠭᠡᠢ︾ ᠪᠥᠬᠡ ᠶᠢᠨ ᠦᠷᠤᠬᠡ ᠶᠢᠨ ᠠᠩᠬᠠᠳᠠᠭᠴᠢ ᠪᠦᠯᠦᠭ ᠰᠣᠷᠤᠭᠴᠢ ᠶᠢᠨ ᠨᠢᠬᠡ ᠪᠤᠯᠤᠨ᠎ᠠ᠃ ᠲᠡᠷᠡ 2007 ᠣᠨ ᠳᠤ ᠰᠢᠯᠢᠳᠡᠭ ᠬᠢᠷᠢ ᠪᠦᠲᠦᠮᠵᠢ ᠪᠠᠷ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ︽ᠠᠪᠤᠷᠭᠤ  ᠎ ᠶᠢᠨ ᠥᠯᠥᠭᠡᠢ︾ ᠪᠥᠬᠡ ᠶᠢᠨ ᠦᠷᠣᠬᠡ ᠠᠴᠠ ᠬᠥᠬᠡᠬᠤᠲᠠ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠎ ᠳᠤ ᠭᠦᠷᠬᠡᠭᠳᠠᠵᠦ᠂ 2010 ᠣᠨ ᠠᠴᠠ ᠡᠬᠢᠯᠡᠨ ᠥᠪᠥᠷ ᠮᠣᠩᠭᠤᠯ ᠤᠨ ᠪᠥᠬᠡ ᠶᠢᠨ ᠨᠢᠳᠤᠷᠭᠠᠨ ᠲᠡᠮᠡᠴᠡᠭᠡᠨ ᠤ ᠬᠠᠮᠢᠶᠠᠷᠤᠯᠲᠠ ᠶᠢᠨ ᠲᠥᠪ ᠤᠨ ᠲᠠᠮᠢᠷᠴᠢᠨ ᠪᠣᠯᠤᠭᠰᠠᠨ ᠪᠥᠭᠡᠳ 2014᠎ ᠠᠴᠠ 2018 ᠣᠨ ᠤ ᠬᠤᠭᠤᠴᠠᠭᠠᠨ ᠳᠤ ᠳᠤᠮᠳᠠᠳᠤ ᠤᠯᠤᠰ ᠤᠨ ᠡᠮᠡᠭᠲᠡᠢ ᠶᠢᠨ ᠪᠥᠬᠡ ᠶᠢᠨ ᠤᠯᠤᠰ ᠤᠨ ᠠᠩᠭᠢ ᠳᠤ ᠠᠮᠵᠢᠯᠲᠠ ᠲᠠᠢ ᠡᠯᠰᠡᠭᠳᠡᠪᠡ᠃ 2022 ᠣᠨ ᠳᠤ᠂ ᠲᠡᠷᠡ ᠪᠥᠬᠦ ᠤᠯᠤᠰ ᠤᠨ ᠲᠠᠯᠠᠬᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ ᠪᠥᠬᠡ ᠶᠢᠨ 72kg᠎ ᠤᠨ ᠨᠢᠭᠡᠳᠦᠭᠡᠷ ᠨᠡᠷ᠎ᠡ᠂ 2020 ᠣᠨ ᠤ ᠪᠥᠬᠦ ᠤᠯᠤᠰ ᠤᠨ ᠲᠠᠯᠠᠬᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠎ ᠤ ᠡᠮᠡᠭᠲᠡᠢ ᠶᠢᠨ ᠪᠦᠬᠡ ᠶᠢᠨ 76 ᠺᠢᠯᠣᠭ᠍ᠷᠠᠮ ᠤᠨ ᠭᠤᠷᠪᠠᠳᠤᠭᠠᠷ ᠨᠠᠷ᠎ᠠ ᠵᠡᠷᠭᠡ ᠣᠯᠠᠨ ᠢᠷᠠᠭᠤ ᠠᠯᠳᠠᠷ ᠢ ᠭᠦᠷᠳᠠᠵᠦ ᠶᠠᠪᠤᠵᠡᠢ᠃ ᠡᠳᠦᠭᠡ᠂ ᠲᠡᠷᠡ ︽ᠠᠪᠤᠷᠭᠤ ᠶᠢᠨ ᠥᠯᠥᠭᠡᠢ︾ ᠪᠥᠬᠡ ᠶᠢᠨ ᠦᠷᠣᠬᠡ ᠳᠡᠭᠡᠨ ᠪᠤᠴᠠᠨ ᠢᠷᠡᠵᠦ᠂ ᠥᠪᠡᠷ ᠤᠨ ᠤᠯᠠᠨ ᠵᠢᠯ ᠤᠨ ᠪᠠᠷᠢᠯᠳᠣᠭᠠᠨ ᠤ ᠲᠤᠷᠰᠢᠯᠭ᠎ᠠ ᠪᠣᠯᠣᠨ ᠤᠷ᠎ᠠ ᠮᠡᠷᠭᠡᠵᠢᠯ ᠢᠶᠠᠨ ᠵᠢᠭᠠᠵᠦ᠂ ᠤᠷᠤᠨ ᠨᠤᠳᠤᠭ ᠤᠨ ᠪᠠᠶ᠎ᠠ ᠲᠠᠮᠢᠷ ᠤᠨ ᠦᠢᠯᠠᠰ ᠲᠤ ᠦᠪᠡᠷ ᠤᠨ ᠬᠡᠰᠡᠨ ᠬᠤᠪᠢ ᠨᠠᠮᠠᠷᠢ ᠪᠠᠨ ᠦᠵᠡᠬᠦᠯᠵᠦ ᠶᠠᠪᠤᠨ᠎ᠠ᠃
   ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠵᠢᠨ‌ᠥᠯᠥᠭᠡᠢ︾ ᠪᠥᠬᠡ ᠶᠢᠨ ᠥᠷᠥᠭᠡ ᠨᠢ 2 ᠪᠠᠭ᠎ᠠ ᠰᠤᠷᠭᠠᠭᠤᠯᠢ᠂ 1 ᠳᠤᠮᠳᠠᠳᠤ ᠰᠤᠷᠭᠠᠭᠤᠯᠢ ᠪᠠ 1 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ  ᠪᠠᠶᠢᠭᠤᠯᠤᠭᠳᠠᠨ᠂ ᠪᠦᠬᠡ ᠳᠤ ᠪᠠᠭᠳᠠᠢ ᠪᠠ ᠪᠦᠬᠡ ᠳᠤ ᠠᠪᠢᠶᠠᠰ ᠲᠠᠢ ᠬᠡᠣᠬᠡᠳ ᠤᠳ ᠲᠤ ᠪᠠᠭ᠎ᠠ ᠰᠤᠷᠭᠠᠭᠤᠯᠢ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯᠡᠬᠢ ᠬᠤᠭᠤᠴᠠᠭᠠᠨ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠵᠢᠯᠣᠭᠤᠳᠤᠯᠭ᠎ᠠ ᠬᠦᠷᠲᠡᠭᠡᠵᠦ᠂ ᠬᠤᠶᠢᠰᠢᠳᠠ ᠶᠢᠨ ᠪᠠᠶ᠎ᠠ ᠲᠠᠮᠢᠷ ᠤᠨ ᠲᠠᠯ᠎ᠠ ᠳᠠᠬᠢ ᠠᠮᠵᠢᠯᠳᠠ ᠪᠦᠳᠦᠮᠵᠢ  ᠎ ᠳᠤ ᠎ ᠨᠢ ᠰᠠᠭᠤᠷᠢ ᠲᠠᠯᠪᠢᠵᠦ ᠪᠠᠶᠢᠳᠠᠭ᠃    ᠪᠠᠷᠠᠭᠤᠨ ᠦᠵᠦᠮᠦᠴᠢᠨ ᠬᠤᠰᠢᠭᠤᠨ ᠤ ︽ᠠᠪᠤᠷᠭᠤ ᠶᠢᠨ ᠥᠯᠥᠭᠡᠢ︾ ᠪᠥᠬᠡ ᠶᠢᠨ  ᠦᠷᠣᠬᠡ ᠪᠠᠶᠢᠭᠤᠯᠤᠭᠳᠠᠭᠰᠠᠨ 20 ᠵᠢᠯ ᠤᠨ ᠲᠤᠷᠰᠢ᠂ ᠮᠠᠰᠢ ᠣᠯᠠᠨ ᠰᠢᠯᠢᠳᠡᠭ ᠰᠣᠷᠣᠭᠴᠢ ᠶᠢ ᠬᠥᠮᠥᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠲᠠᠮᠢᠷ ᠤᠨ ᠨᠦᠬᠡᠴᠠ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠪᠤᠯᠵᠦ᠂ ᠣᠲᠣ ᠪᠣᠯᠲᠠᠯ᠎ᠠ᠂ ᠶᠡᠭᠡ ᠳᠡᠭᠡᠳᠦ ᠰᠤᠷᠭᠠᠭᠤᠯᠢ ᠳᠤ 34 ᠵᠢᠩᠬᠢᠨᠢ ᠠᠩᠭᠢ ᠶᠢᠨ ᠰᠤᠷᠤᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠮᠢᠷ ᠤᠨ ᠲᠤᠰᠬᠠᠢ ᠮᠡᠷᠭᠡᠵᠢᠯ ᠤᠨ ᠠᠩᠭᠢ ᠳᠤ 19 ᠲᠠᠮᠢᠷᠴᠢᠨ ᠢ ᠬᠦᠷᠭᠡᠵᠦ᠂ 18 ᠤᠯᠤᠰ ᠤᠨ ᠲᠠᠰ ᠤᠨ ᠰᠢᠯᠢᠳᠡᠭ ᠲᠠᠮᠢᠷᠴᠢᠨ᠂ 33 ᠤᠯᠤᠰ ᠤᠨ ᠨᠢᠭᠡᠳᠦᠭᠡᠷ ᠳᠡᠰ ᠤᠨ ᠲᠠᠮᠢᠷᠴᠢᠨ᠂ 52 ᠤᠯᠤᠰ ᠤᠨ ᠬᠤᠶᠠᠳᠤᠭᠠᠷ ᠳᠡᠰ ᠤᠨ ᠲᠠᠮᠢᠷᠴᠢᠨ ᠢ ᠬᠦᠮᠦᠵᠢᠭᠦᠯᠦᠭᠰᠡᠨ ᠪᠦᠬᠡᠳ ︽ᠠᠪᠤᠷᠭᠤ ᠶᠢᠨ ᠥᠯᠥᠭᠡᠢ︾ ᠪᠥᠬᠡ ᠶᠢᠨ ᠦᠷᠤᠬᠡ ᠶᠢᠨ ᠲᠠᠮᠢᠷᠴᠢᠳ ᠨᠢ ᠳᠤᠮᠳᠠᠳᠤ ᠮᠠᠶ᠋ᠢᠭ ᠤᠨ ᠪᠥᠬᠡ᠂ ᠲᠠᠯᠠᠬᠡᠢ ᠶᠢᠨ ᠪᠥᠬᠡ ᠶᠢᠨ ᠲᠠᠶᠢᠰᠠᠨ ᠳᠡᠭᠡᠷ᠎ᠡ ᠤᠯᠤᠰ ᠤᠨ ᠲᠠᠰ ᠤᠨ ᠠᠯᠲᠠᠨ ᠮᠧᠳᠠᠯ 13᠂ 19 ᠮᠥᠩᠭᠦᠨ ᠮᠧᠳᠠᠯ ᠎ ᠤᠨ ᠬᠢᠯᠠᠯᠵᠠᠭᠰᠠᠨ ᠠᠮᠵᠢᠯᠳᠠ  ᠎ ᠶᠢ ᠭᠠᠷᠭᠠᠭᠰᠠᠨ  ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号